ᠷᠠᠰᠢᠶᠠᠨ ᠬᠤᠲᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ  ᠴᠡᠭᠴᠡᠯᠡᠨ ᠰᠠᠶᠢᠵᠢᠷᠠᠭᠤᠯᠬᠤ ᠠᠵᠢᠯ ᠵᠢᠴᠢ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
      3 ᠰᠠᠷ᠎ᠠ ᠶᠢᠨ 11 ᠤ ᠡᠳᠦᠷ᠂  ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠠᠵᠢᠯ ᠵᠢᠴᠢ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠵᠣᠣ ᠫᠧᠩ ᠴᠢ᠂ ᠯᠢᠦ ᡁᠢ ᠴᠢᠶᠠᠩ ᠵᠢᠴᠢ ᠷᠠᠰᠢᠶᠠᠨ ᠤ ᠣᠶ ᠰᠢᠭᠤᠶ ᠶᠢᠨ ᠠᠵᠤ ᠦᠢᠯᠡᠳᠪᠦᠷᠢ ᠶᠢᠨ ᠺᠣᠮᠫᠠᠨᠢ᠂ ᠡᠤ ᠴᠠ ᠭᠸᠦ ᠣᠶ ᠰᠢᠭᠤᠶ ᠶᠢᠨ ᠲᠣᠪᠴᠢᠶ᠎ᠠ᠂ ᠪᠠᠶ ᠯᠠᠩ ᠣᠶ ᠰᠢᠭᠤᠶ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠦᠳᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠤᠨ᠎ᠠ᠂ ᠷᠠᠰᠢᠶᠠᠨ ᠤ ᠡᠷᠬᠡᠪᠰᠢ ᠪᠠᠲᠤ ᠴᠡᠭᠡᠵᠢᠯᠡᠬᠦ ︽ᠤᠯᠤᠰ ᠤᠨ ᠶᠡᠭᠡ ᠶᠠᠪᠤᠳᠠᠯ︾ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ᠂ ᠬᠠᠷᠢᠭᠤᠴᠠᠯᠭ᠎ᠠ ᠡᠭᠦᠷᠭᠡᠯᠡᠯ᠂ ᠤᠶᠤᠨ ᠰᠠᠨᠠᠭᠠᠨ ᠤ ᠳᠦᠷᠰᠦ ᠪᠠᠶᠢᠳᠠᠯ ᠵᠡᠷᠭᠡ ᠲᠠᠯ᠎ᠠ ᠠᠴᠠ ᠭᠠᠷᠳᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ  ᠲᠠᠷᠦᠢ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ  ᠦᠨᠡᠨ ᠬᠦ ︽ᠲᠦᠷᠪᠡᠨ ᠤᠬᠠᠮᠰᠠᠷ︾ ︽ᠲᠦᠷᠪᠡᠨ ᠢᠲᠡᠭᠡᠯ︾ ︽ᠬᠤᠶᠠᠷ ᠢ ᠬᠠᠮᠠᠭᠠᠯᠠᠬᠤ︾ ᠶᠢ ᠰᠢᠯᠭᠠᠬᠤ ᠪᠣᠳᠠᠲᠠᠢ ᠭᠠᠷᠳᠠᠴᠠ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠵᠢᠷᠭᠤᠭᠠᠨ ︽ᠶᠠᠭᠠᠬᠢᠭᠰᠠᠨ ᠴᠤ ᠠᠭᠤᠴᠢᠯᠠᠬᠤ ᠦᠭᠡᠢ︾ ᠪᠠ 17 ᠲᠠᠯ᠎ᠠ ᠶᠢᠨ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠠᠰᠠᠭᠤᠳᠠᠯ ᠳᠤ ᠦᠯᠡᠳᠡᠭᠳᠡᠯ ᠦᠭᠡᠢ᠂ ᠴᠡᠭᠴᠡᠯᠡᠨ ᠰᠠᠶᠢᠵᠢᠷᠠᠭᠤᠯᠬᠤ ᠳᠤ ᠥᠨᠴᠥᠭ ᠪᠤᠯᠤᠩ ᠦᠭᠡᠢ᠂ ᠰᠢᠢᠳᠪᠦᠷᠢᠯᠡᠬᠦ ᠳᠤ ᠠᠰᠠᠭᠤᠳᠠᠯ ᠦᠭᠡᠢ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠠᠶᠢᠴᠠᠭᠠᠵᠤ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号