| 3 ᠰᠠᠷ᠎ᠠ ᠶᠢᠨ 11 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠦ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠲᠤᠶᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠢ ᠡᠷᠭᠢᠯᠡᠨ | ᠬᠤᠷᠠᠯᠳᠤᠭᠤᠯᠵᠤ᠂ ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠳᠡᠭᠡᠷ᠎ᠡ ᠬᠤᠲᠠ ᠶᠢᠨ ᠳᠡᠳ᠋ ᠳᠠᠷᠤᠭ᠎ᠠ ᠵᠤᠤ | ᠫᠧᠩ ᠴᠢ ᠣᠢ ᠰᠢᠭᠤᠶ ᠶᠢᠨ ᠲᠣᠪᠴᠢᠶ᠎ᠠ᠂ ᠪᠠᠯᠭᠠᠰᠤ ᠵᠡᠭᠡᠯᠢ ᠶᠢᠨ ᠲᠥᠯᠥᠭᠡᠯᠡᠭᠴᠢᠳ ᠲᠠᠢ ᠭᠠᠯ ᠰᠡᠷᠭᠡᠶᠢᠯᠡᠨ | ᠤᠨᠲᠠᠷᠠᠭᠠᠬᠤ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ | ᠬᠤᠷᠠᠯ ᠠᠴᠠ᠂ ︽ᠨᠢᠭᠡ ᠬᠡᠷ ᠪᠦᠯᠢ ᠪᠠᠷ ᠢᠶᠠᠨ ᠨᠢᠭᠡ ᠰᠡᠳᠬᠢᠯ ᠢᠶᠠᠷ ᠨᠢᠭᠡ ᠶᠠᠪᠤᠳᠠᠯ ᠢ ᠬᠠᠮᠳᠤ ᠪᠠᠷ ᠬᠢᠪᠡᠯ | ᠯᠠᠪᠲᠠᠢ ᠢᠯᠠᠯᠳᠠ ᠤᠯᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠵᠡᠷᠭᠡ ᠪᠠᠷ ᠠᠳᠬᠤᠨ ᠬᠠᠮᠲᠤ ᠪᠠᠷ | ᠬᠠᠮᠢᠶᠠᠷᠴᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠥᠬᠡᠶ︾ | ᠪᠠᠶᠢᠬᠤ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ︽ᠶᠠᠪᠤᠳᠠᠯ ᠪᠦᠬᠦᠨ ᠳᠤ ᠰᠡᠳᠬᠢᠯ ᠳᠣᠲᠣᠷ᠎ᠠ ᠪᠠᠨ | ᠦᠨᠳᠦᠰᠦᠨ ᠵᠦᠢᠯ ᠲᠠᠢ︾ ᠪᠣᠯᠭᠠᠬᠤ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠮᠤᠷ | ᠲᠦᠪᠰᠢᠨ ᠤ ᠡ᠊ᠨᠳᠡᠯ ᠪᠠ ᠭᠠᠯ ᠤᠨ ᠠᠶᠤᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠪᠥᠬᠦ ᠬᠤᠲᠠ ᠶᠢᠨ | ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ ᠲᠤᠰ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ | ᠵᠢᠭᠤᠯᠴᠢᠯᠠᠯ ᠤᠨ ᠲᠥᠬᠦᠭᠡᠷᠦᠮᠵᠢ᠂ ᠭᠠᠯ ᠤᠨᠲᠠᠷᠠᠭᠠᠬᠤ ᠰᠢᠲᠠᠮᠠᠬᠠᠢ ᠬᠡᠢ᠂ ᠵᠠᠮ ᠬᠠᠷᠢᠯᠴᠠᠭ᠎ᠠ ᠵᠡᠷᠭᠡ | ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ | ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠠᠶᠤᠯ ᠲᠦᠭᠰᠢᠭᠦᠷᠢ ᠶᠢ ᠦᠨᠡᠨ ᠬᠦ ᠪᠣᠳᠠᠲᠠᠢ | ᠪᠠᠶᠢᠴᠠᠭᠠᠵᠤ᠂ ᠭᠡᠮ ᠰᠣᠭᠤᠭ ᠢ ᠪᠣᠳᠠᠲᠠᠢ ᠴᠡᠭᠴᠡᠯᠡᠨ ᠵᠠᠰᠠᠬᠤ ᠬᠡᠷᠡᠭᠲᠡᠢ᠃ ᠬᠠᠪᠤᠷ ᠤᠨ ᠤᠯᠠᠷᠢᠯ ᠤᠨ ᠤᠢ ᠰᠢᠭᠤᠢ | ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ | ᠠᠳᠬᠤᠵᠤ᠂ ᠠᠭᠤᠯᠠᠨ ᠳᠤ ᠭᠠᠷᠬᠤ ᠭᠠᠯ ᠤᠨ ᠡᠬᠢ ᠰᠤᠷᠪᠤᠯᠵᠢ ᠶᠢ ᠴᠢᠩᠭ᠎ᠠ ᠬᠠᠮᠢᠶᠠᠷᠴᠤ᠂ ᠦᠢᠯᠡᠳᠪᠦᠷᠢᠯᠡᠯ ᠳᠤ | ᠭᠠᠯ ᠬᠡᠷᠡᠭᠯᠡᠬᠦ ᠶᠢ ᠴᠢᠩᠭ᠎ᠠ ᠬᠠᠮᠢᠶᠠᠷᠴᠤ᠂ ᠤᠢ ᠰᠢᠭᠤᠢ ᠶᠢ ᠬᠠᠮᠠᠭᠠᠯᠠᠬᠤ ᠬᠥᠮᠦᠰ ᠢ ᠴᠢᠩᠭ᠎ᠠ ᠬᠠᠮᠢᠶᠠᠷᠴᠤ᠂ | ᠠᠭᠤᠯᠠᠨ ᠳᠤ ᠭᠠᠷᠬᠤ ᠬᠥᠮᠦᠰ ᠢ ᠴᠢᠩᠭ᠎ᠠ ᠬᠠᠮᠢᠶᠠᠷᠴᠤ᠂ ᠭᠡᠮ ᠰᠣᠭᠤᠭ ᠦᠯᠡᠳᠡᠭᠡᠬᠦ ᠦᠭᠡᠢ᠂ ᠥᠨᠴᠥᠭ ᠪᠤᠯᠤᠩ | ᠦᠯᠡᠳᠡᠭᠡᠬᠦ ᠦᠭᠡᠢ ᠪᠠᠶᠢᠬᠤ ᠬᠡᠷᠡᠭᠲᠡᠢ ᠭᠡᠵᠤ ᠴᠢᠬᠤᠯᠠᠴᠢᠯᠠᠪᠠ᠃ | ᠡᠯ᠎ᠡ ᠰᠠᠭᠤᠭ᠎ᠠ ᠴᠡᠷᠢᠭ ᠴᠠᠭᠳᠠᠭ᠎ᠠ ᠶᠢᠨ ᠴᠡᠷᠢᠭ ᠠᠩᠬᠢ᠂ ᠷᠠᠰᠢᠶᠠᠨ ᠤ ᠤᠢ ᠰᠢᠭᠤᠢ ᠶᠢᠨ ᠠᠵᠤ | ᠦᠢᠯᠡᠳᠪᠦᠷᠢ ᠶᠢᠨ ᠺᠣᠮᠫᠠᠨᠢ᠂ ᠦ᠋ ᠴᠠ ᠭᠸᠤ ᠤᠢ ᠰᠢᠭᠤᠢ ᠶᠢᠨ ᠲᠤᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ | ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | |