| | ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠠᠰᠢᠭᠯᠠᠵᠤ᠂ ᠣᠯᠠᠨ | ᠲᠦᠮᠡᠨ ᠳᠤ ᠲᠣᠰ ᠲᠥᠰᠦᠯ ᠢ ᠨᠠᠩ ᠲᠣᠳᠣᠷᠬᠠᠶ ᠣᠶᠢᠯᠠᠭᠠᠭᠤᠯᠬᠤ ᠶᠢᠨ ᠲᠤᠰᠠᠳᠠ᠂ ᠡᠳᠦᠭᠡ ᠮᠠᠨ ᠤ ᠪᠠᠶᠢᠭᠤᠯᠭ᠎ᠠ | ᠨᠢᠭᠡᠴᠢ ᠲᠣᠰ ᠲᠥᠰᠦᠯ ᠳᠤ ᠴᠢᠭᠯᠡᠭᠦᠯᠦᠨ ᠳᠣᠤᠷᠠᠬᠢ ᠮᠡᠲᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃ | ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠶ ᠪᠠᠶᠢᠳᠠᠯ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠤᠷᠡᠳᠡᠯ᠎ᠡ ᠮᠠᠯᠵᠢᠵᠤ ᠠᠰᠠᠭᠤᠳᠠᠯ ᠢ ᠰᠢᠢᠳᠪᠤᠷᠢᠯᠡᠬᠦ | ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠴᠤᠤᠷᠢᠶᠠᠲᠤᠨ ᠳᠠᠭᠠᠵᠤ᠂ ᠮᠠᠨ ᠤ ᠬᠤᠲᠠ ᠶᠢᠨ ᠬᠤᠪᠣᠷ | ᠨᠠᠨᠳᠢᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠨᠡᠨ ᠬᠦ ᠬᠠᠮᠠᠭᠠᠯᠠᠬᠤ ᠪᠠ ᠵᠦᠶ ᠵᠣᠬᠢᠰᠲᠠᠶ | ᠠᠰᠢᠭᠯᠠᠵᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠬᠦ ᠶᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠢ ᠤᠯᠠᠮ ᠴᠢᠨᠠᠭᠰᠢᠳᠠ ᠰᠠᠶᠢᠵᠢᠷᠠᠭᠤᠯᠵᠤ᠂ | ᠬᠢᠯᠪᠠᠷ ᠪᠤᠰᠤ ᠪᠠᠷ ᠣᠯᠤᠭᠰᠠᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ | ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠡᠷᠲᠡᠭᠡᠨ | ᠵᠠᠰᠠᠬᠤ ᠣᠷᠣᠨ ᠤ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠪᠥᠬᠦ | ᠲᠠᠯ᠎ᠠ ᠪᠠᠷ ᠰᠢᠢᠳᠪᠤᠷᠢᠯᠡᠬᠦ ᠶᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ︹ 2024 ︺ 63 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠲᠥᠰᠦᠯ | ᠢ ᠲᠣᠭᠲᠠᠭᠠᠪᠠ᠃ | ᠬᠤᠶᠠᠷ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠦᠨᠳᠦᠰᠦᠯᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠣᠶ ᠰᠢᠭᠤᠶ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ | ︽ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠤᠷᠡᠳᠡᠯ᠎ᠡ ᠮᠠᠯᠵᠢᠬᠤ | ᠠᠰᠠᠭᠤᠳᠠᠯ ᠢ ᠪᠥᠬᠦ ᠲᠠᠯ᠎ᠠ ᠪᠠᠷ ᠰᠢᠢᠳᠪᠤᠷᠢᠯᠡᠬᠦ ᠶᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠲᠦᠷᠢᠮ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ | ᠬᠡᠷᠡᠭᠵᠢᠭᠦᠯᠬᠦ ᠨᠠᠷᠢᠨ ᠳᠦᠷᠢᠮ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠡᠯᠴᠢᠭᠡᠷ ᠢ ᠬᠠᠮᠠᠭᠠᠯᠠᠬᠤ ᠲᠦᠷᠢᠮ︾ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ | ᠳᠦᠷᠢᠮ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ︾ | ᠭᠤᠷᠪᠠ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠵᠣᠷᠢᠯᠭ᠎ᠠ | ᠬᠠᠤᠯᠢ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠠᠴᠠ ᠪᠣᠯᠵᠣ ᠣᠶ ᠰᠢᠭᠤᠶ ᠨᠤᠲᠤᠭ ᠪᠡᠯᠴᠢᠭᠡᠷ ᠤᠨ | ᠡᠬᠢ ᠪᠠᠶᠠᠯᠢᠭ ᠢ ᠡᠪᠳᠡᠬᠦ ᠤᠶᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠥᠷᠢᠴᠡᠨ | ᠮᠠᠯ ᠮᠠᠯᠵᠢᠬᠤ ᠦᠵᠡᠭᠳᠡᠯ ᠢ ᠪᠦᠲᠦᠮᠵᠢᠲᠡᠶ ᠬᠤᠷᠢᠭᠯᠠᠬᠤ ᠶᠢ ᠦᠨᠡᠨ ᠬᠦ ᠪᠠᠲᠤᠯᠠᠨ᠎ᠠ᠃ ᠪᠡᠯᠴᠢᠭᠡᠷᠯᠡᠭᠦᠯᠬᠦ ᠶᠢ | ᠵᠤᠭᠰᠤᠭᠠᠵᠤ᠂ ᠬᠡᠳᠤᠷᠡᠲᠡᠯᠡ ᠮᠠᠯᠵᠢᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠮᠠᠨ ᠤ ᠬᠤᠲᠠ ᠶᠢᠨ ᠪᠡᠯᠴᠢᠭᠡᠷᠯᠡᠭᠦᠯᠬᠦ ᠶᠢ ᠵᠤᠭᠰᠤᠭᠠᠵᠤ᠂ ᠬᠡᠳᠤᠷᠡᠲᠡᠯᠡ ᠮᠠᠯᠵᠢᠬᠤ | ᠠᠵᠢᠯ ᠤᠨ ᠱᠠᠭᠠᠷᠳᠠᠯᠭ᠎ᠠ ᠶᠢ ᠪᠡᠶᠡᠯᠡᠭᠦᠯᠦᠨ᠂ ᠲᠣᠰ ᠭᠠᠵᠠᠷ ᠣᠷᠣᠨ ᠤ ᠣᠶ ᠰᠢᠭᠤᠶ ᠨᠤᠲᠤᠭ ᠪᠡᠯᠴᠢᠭᠡᠷ ᠢ | ᠬᠠᠮᠠᠭᠠᠯᠠᠬᠤ ᠪᠠ ᠠᠮᠢ ᠠᠬᠤᠶ ᠶᠢ ᠰᠡᠷᠭᠦᠭᠡᠬᠦ ᠬᠠᠷᠠᠯᠲᠠ ᠶᠢ ᠪᠡᠶᠡᠯᠡᠭᠦᠯᠦᠨ᠎ᠡ᠃ | ᠳᠥᠷᠪᠡ᠂ ᠪᠢᠴᠢᠭ ᠮᠠᠲ᠋ᠧᠷᠢᠶᠠᠯ ᠤᠨ ᠬᠡᠷᠡᠭᠯᠡᠭᠳᠡᠬᠦ ᠬᠡᠪᠴᠢᠶ᠎ᠡ | ᠷᠠᠰᠢᠶᠠᠨ ᠬᠤᠲᠠ ᠪᠥᠬᠦ ᠵᠢᠯ ᠳᠤ᠂ ᠪᠥᠬᠦ ᠣᠷᠣᠨ ᠪᠦᠰᠡ ᠶᠢᠨ ᠬᠡᠪᠴᠢᠶᠡᠨ ᠳᠤ ᠪᠡᠯᠴᠢᠭᠡᠷᠯᠡᠭᠦᠯᠬᠦ ᠶᠢ | ᠵᠤᠭᠰᠤᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠡᠭᠦᠨ ᠤ ᠬᠠᠮᠲᠤ᠂ ᠷᠠᠰᠢᠶᠠᠨ ᠤ ᠤᠢ ᠰᠢᠭᠤᠢ ᠶᠢᠨ | ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠡᠦ ᠴᠠ ᠭᠸᠤ ᠤᠯᠤᠰ ᠤᠨ ᠥᠮᠴᠢᠯᠡᠯ ᠤᠨ ᠤᠢ ᠰᠢᠭᠤᠢ ᠶᠢᠨ | ᠬᠠᠮᠢᠶᠠᠷᠤᠯᠲᠠ ᠶᠢᠨ ᠲᠤᠪᠴᠢᠶ᠎ᠠ᠂ ᠪᠠᠢ ᠯᠠᠩ ᠤᠯᠤᠰ ᠤᠨ ᠥᠮᠴᠢᠯᠡᠯ ᠤᠨ ᠤᠢ ᠰᠢᠭᠤᠢ ᠶᠢᠨ ᠬᠠᠮᠢᠶᠠᠷᠤᠯᠲᠠ ᠶᠢᠨ | ᠲᠤᠪᠴᠢᠶ᠎ᠠ ᠶᠢᠨ ᠠᠵᠤ ᠦᠢᠯᠡᠰ ᠤᠨ ᠲᠣᠭᠤᠷᠢᠭ ᠲᠠᠬᠢ ᠬᠠᠤᠯᠢ ᠶᠣᠰᠣᠨ ᠤ ᠭᠠᠷ ᠭᠦᠢᠴᠡᠳᠬᠡᠯ ᠲᠠᠢ ᠭᠡᠷ ᠪᠦᠯᠢ ᠶᠢᠨ | ᠠᠮᠢ ᠠᠬᠤᠢ ᠶᠢᠨ ᠤᠢ ᠰᠢᠭᠤᠢ ᠶᠢᠨ ᠲᠠᠯᠠᠪᠠᠢ ᠶᠢ ᠡᠯ᠎ᠡ ᠤᠢ ᠰᠢᠭᠤᠢ ᠶᠢᠨ ᠲᠤᠪᠴᠢᠶ᠎ᠠ ᠠᠴᠠ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠪᠣᠯᠤᠨ ᠪᠡᠯᠴᠢᠭᠡᠷᠯᠡᠭᠦᠯᠬᠦ ᠬᠡᠪᠴᠢᠶ᠎ᠡ ᠶᠢ | ᠴᠢᠩᠭ᠎ᠠ ᠬᠢᠨᠠᠨ ᠲᠣᠭᠲᠠᠭᠠᠬᠤ ᠶᠢᠨ ᠬᠠᠮᠲᠤ ᠵᠢᠷᠤᠮᠵᠢᠭᠤᠯᠤᠨ ᠬᠠᠮᠢᠶᠠᠷᠤᠨ᠎ᠠ᠃ | ᠲᠠᠪᠤ᠂ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ ᠭᠤᠣᠯ ᠠᠭᠤᠯᠭ᠎ᠠ | ︵ᠨᠢᠭᠡ︶ ᠷᠠᠰᠢᠶᠠᠨ ᠤ ᠣᠶ ᠰᠢᠭᠤᠶ ᠶᠢᠨ ᠠᠵᠤ ᠤᠶᠢᠯᠡᠳᠪᠤᠷᠢ ᠶᠢᠨ ᠬᠢᠵᠠᠭᠠᠷᠲᠤ ᠺᠣᠮᠫᠠᠨᠢ᠂ ᠡᠤ ᠴᠠ | ᠭᠸᠤ ᠤᠯᠤᠰ ᠤᠨ ᠥᠮᠴᠢᠯᠡᠯ ᠤᠨ ᠣᠶ ᠰᠢᠭᠤᠶ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠠᠶ ᠯᠠᠩ ᠤᠯᠤᠰ ᠤᠨ | ᠥᠮᠴᠢᠯᠡᠯ ᠤᠨ ᠣᠶ ᠰᠢᠭᠤᠶ ᠶᠢᠨ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠪᠠᠨ ᠬᠡᠷ ᠪᠦᠯᠢ ᠶᠢᠨ ᠠᠮᠢ | ᠠᠬᠤᠶ ᠶᠢᠨ ᠣᠶ ᠰᠢᠭᠤᠶ ᠶᠢᠨ ᠲᠠᠯᠠᠪᠠᠶ ᠶᠢᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠵᠢᠴᠢ ᠬᠦᠷᠢᠶ᠎ᠡ | ᠬᠡᠪᠴᠢᠶ᠎ᠡ ᠶᠢ ᠴᠢᠩᠭ᠎ᠠ ᠡᠵᠡᠮᠳᠡᠵᠦ᠂ ᠬᠢᠵᠠᠭᠠᠷ ᠠᠴᠠ ᠬᠡᠲᠦᠷᠡᠭᠦᠯᠦᠨ ᠮᠠᠯ ᠮᠠᠯᠵᠢᠵᠤ ᠪᠣᠯᠬᠤ ᠥᠬᠡᠶ᠃ | ︵ᠬᠤᠶᠠᠷ︶ ᠣᠶ ᠰᠢᠭᠤᠶ ᠶᠢᠨ ᠢᠨᠵᠧᠨᠧᠷᠢᠩ ᠤᠨ ᠲᠥᠷᠥᠯ ᠵᠤᠶᠢᠯ ᠤᠨ ᠲᠣᠭᠤᠷᠢᠭ᠂ S203᠂ G331 | ᠵᠠᠰᠠᠮᠠᠯ ᠵᠠᠮ ᠵᠢᠴᠢ ᠵᠢᠭᠤᠯᠴᠢᠯᠠᠯ ᠤᠨ ᠵᠠᠰᠠᠮᠠᠯ ᠵᠠᠮ ᠤᠨ ᠬᠤᠶᠠᠷ ᠬᠠᠵᠠᠭᠤ ᠶᠢᠨ ᠬᠠᠷᠠᠭᠳᠠᠬᠤ ᠬᠡᠪᠴᠢᠶᠡᠨ ᠳᠣᠲᠣᠷ᠎ᠠ | ᠵᠢᠴᠢ ᠦᠵᠡᠮᠵᠢ ᠶᠢᠨ ᠣᠷᠣᠨ᠂ ᠪᠡᠯᠴᠢᠭᠡᠷᠯᠡᠭᠦᠯᠬᠦ ᠶᠢ ᠵᠤᠭᠰᠤᠭᠠᠬᠤ ᠭᠠᠵᠠᠷ ᠤᠷᠤᠨ ᠳᠤ ᠪᠡᠯᠴᠢᠭᠡᠷᠯᠡᠭᠦᠯᠬᠦ ᠶᠢ | ᠵᠤᠭᠰᠤᠭᠠᠨ᠎ᠠ᠃ | ︵ᠭᠤᠷᠪᠠ︶ ᠣᠯᠠᠨᠲᠠ ᠪᠡᠯᠴᠢᠭᠡᠷᠯᠡᠭᠦᠯᠬᠦ ᠪᠠᠨ ᠵᠣᠭᠰᠣᠭᠠᠬᠤ ᠥᠭᠡᠢ ᠬᠤᠯᠠᠭᠠᠶᠢᠯᠠᠨ ᠮᠠᠯᠵᠢᠭᠰᠠᠨ᠂ | ᠳᠤᠷ᠎ᠠ ᠪᠠᠷ ᠢᠶᠠᠨ ᠮᠠᠯᠵᠢᠭᠰᠠᠨ᠂ ᠳᠠᠭᠠᠭᠠᠴᠠ ᠠᠴᠠ ᠬᠡᠲᠦᠷᠡᠲᠡᠯ᠎ᠡ ᠮᠠᠯᠵᠢᠭᠰᠠᠨ ᠭᠡᠷ ᠪᠦᠯᠢ ᠶᠢᠨ ᠠᠮᠢ ᠠᠬᠤᠶ ᠶᠢᠨ | ᠤᠢ ᠰᠢᠭᠤᠶ ᠶᠢᠨ ᠲᠠᠯᠠᠪᠠᠢ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠤᠷᠢᠯᠡᠵᠤ᠂ ᠭᠤᠣᠯᠳᠠᠯᠭ᠎ᠠ ᠲᠠᠢ | ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠢ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠨ᠂ | ᠬᠠᠤᠯᠢ ᠠᠴᠠ ᠵᠥᠷᠢᠴᠡᠨ ᠮᠠᠯᠵᠢᠵᠤ ᠤᠢ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢ ᠡᠪᠳᠡᠬᠦ ᠥᠢᠯᠡ | ᠠᠵᠢᠯᠯᠠᠭ᠎ᠠ ᠶᠢ ᠡᠷᠡᠰ ᠬᠤᠷᠢᠭᠯᠠᠨ᠎ᠠ᠃ | ︵ᠳᠥᠷᠪᠡ︶ ᠭᠠᠳᠠᠷ ᠣᠷᠣᠨ ᠤ ᠮᠠᠯ ᠤᠨᠤᠭ᠎ᠠ ᠮᠠᠨ ᠤ ᠬᠤᠲᠠ ᠶᠢᠨ ᠬᠠᠷᠢᠶ᠎ᠠ ᠲᠣᠭᠤᠷᠢᠭ ᠲᠤ ᠣᠷᠣᠵᠤ ᠮᠠᠯ | ᠬᠠᠷᠢᠭᠤᠯᠬᠤ ᠤᠶᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠃ ᠭᠠᠳᠠᠭᠰᠢ ᠲᠦᠷᠢᠶᠡᠰᠦᠯᠡᠭᠦᠯᠦᠭᠰᠡᠨ᠂ | ᠰᠢᠯᠵᠢᠭᠦᠯᠦᠭᠰᠡᠨ ᠬᠡᠷ ᠪᠦᠯᠢ ᠶᠢᠨ ᠠᠮᠢ ᠠᠬᠤᠶ ᠶᠢᠨ ᠣᠶ ᠰᠢᠭᠤᠶ ᠶᠢᠨ ᠲᠠᠯᠠᠪᠠᠶ ᠶᠢ ᠴᠡᠪᠡᠷᠯᠡᠵᠤ᠂ ᠤᠶᠢᠯᠡ | ᠪᠠᠶᠢᠳᠠᠯ ᠨᠢ ᠬᠦᠨᠳᠦ ᠨᠣᠴᠢᠲᠠᠶ ᠪᠣᠯ ᠬᠡᠷ ᠪᠦᠯᠢ ᠶᠢᠨ ᠠᠮᠢ ᠠᠬᠤᠶ ᠶᠢᠨ ᠣᠶ ᠰᠢᠭᠤᠶ ᠶᠢᠨ ᠲᠠᠯᠠᠪᠠᠶ ᠶᠢᠨ ᠭᠡᠷ᠎ᠡ ᠶᠢ | ᠬᠦᠴᠦᠨ ᠥᠬᠡᠶ ᠪᠣᠯᠭᠠᠵᠤ᠂ ᠶᠠᠯ᠎ᠠ ᠬᠢᠭᠰᠡᠨ ︵ᠮᠡᠬᠡᠯᠡᠭᠰᠡᠨ︶ ᠢᠶᠠᠷ ᠰᠡᠵᠢᠭᠯᠡᠭᠳᠡᠭᠰᠡᠨ ᠪᠠᠶᠢᠪᠠᠯ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠨ᠎ᠡ᠃ | ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠡᠬᠢᠯᠡᠭᠦᠯᠵᠦ ᠳᠠᠭᠤᠰᠬᠠᠬᠤ ᠴᠠᠭ᠄ ᠮᠡᠳᠡᠭᠳᠡᠯ ᠪᠠᠭᠤᠯᠭᠠᠭᠰᠠᠨ ᠠᠴᠠ | 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠃ | ᠵᠢᠷᠭᠤᠭ᠎ᠠ᠂ ᠪᠡᠯᠴᠢᠭᠡᠷᠯᠡᠭᠦᠯᠬᠦ ᠶᠢ ᠵᠣᠭᠰᠣᠭᠠᠬᠤ ᠲᠤᠰᠬᠠᠶ ᠮᠡᠷᠭᠡᠵᠢᠯ ᠤᠨ ᠨᠡᠷ᠎ᠡ ᠲᠣᠮᠢᠶ᠎ᠠ ᠶᠢᠨ ᠲᠠᠶᠢᠯᠪᠤᠷᠢ | ᠪᠡᠯᠴᠢᠭᠡᠷᠯᠡᠭᠦᠯᠬᠦ ᠶᠢ ᠵᠣᠭᠰᠣᠭᠠᠬᠤ᠄ ᠡᠨᠡ ᠨᠢ ᠵᠠᠭᠠᠭᠯᠠᠨ ᠲᠣᠭᠲᠠᠭᠠᠭᠰᠠᠨ ᠨᠤᠲᠤᠭ ᠪᠡᠯᠴᠢᠭᠡᠷ ᠤᠨ | ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠪᠦᠰᠡ ᠶᠢᠨ ᠳᠣᠲᠣᠷ᠎ᠠ᠂ ᠨᠢᠭᠡ ᠵᠢᠯ ᠵᠢᠴᠢ ᠨᠢᠭᠡ ᠵᠢᠯ ᠠᠴᠠ ᠳᠡᠭᠡᠭᠰᠢ | ᠪᠡᠯᠴᠢᠭᠡᠷᠯᠡᠭᠦᠯᠦᠨ ᠠᠰᠢᠭᠯᠠᠬᠤ ᠶᠢ ᠵᠣᠭᠰᠣᠭᠠᠭᠰᠠᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠶᠢ ᠵᠢᠭᠠᠵᠤ ᠪᠣᠶ᠃ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠄ ᠡᠨᠡ ᠨᠢ ᠵᠣᠬᠢᠬᠤ ᠪᠡᠯᠴᠢᠭᠡᠷ ᠤᠨ ᠣᠷᠣᠨ ᠪᠦᠰᠡ ᠶᠢᠨ | ᠬᠡᠪᠴᠢᠶᠡᠨ ᠳᠣᠲᠣᠷ᠎ᠠ᠂ ᠮᠠᠯ ᠬᠠᠷᠢᠭᠤᠯᠬᠤ ᠬᠡᠷ ᠤᠨ ᠲᠡᠵᠢᠭᠡᠪᠦᠷᠢ ᠶᠢᠨ ᠲᠡᠵᠢᠭᠡᠯ ᠡᠪᠡᠰᠦᠨ ᠤ ᠬᠡᠮᠵᠢᠶ᠎ᠡ ᠨᠢ ᠰᠢᠮ᠎ᠡ | ᠲᠡᠵᠢᠭᠡᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠵᠤ᠂ ᠦᠯᠡᠳᠡᠭᠰᠡᠨ ᠲᠡᠵᠢᠭᠡᠯ ᠡᠪᠡᠰᠦᠨ ᠤ | ᠣᠲᠣ ᠪᠠᠶᠢᠭ᠎ᠠ ᠬᠡᠮᠵᠢᠶ᠎ᠡ ᠨᠢ ᠪᠡᠯᠴᠢᠭᠡᠷ ᠤᠨ ᠲᠡᠵᠢᠭᠡᠯ ᠡᠪᠡᠰᠦᠨ ᠤ ᠳᠠᠬᠢᠨ ᠤᠷᠭᠤᠬᠤ ᠶᠢ ᠨᠥᠯᠥᠭᠡᠯᠡᠬᠦ ᠥᠬᠡᠶ᠂ | ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠬᠡᠪ ᠤᠨ ᠤᠶᠢᠯᠡᠳᠪᠤᠷᠢᠯᠡᠯ ᠪᠠ ᠠᠮᠢ ᠠᠬᠤᠶ ᠶᠢᠨ ᠴᠢᠳᠠᠮᠵᠢ ᠶᠢ | ᠪᠠᠲᠤᠯᠠᠬᠤ ᠶᠢ ᠵᠢᠭᠠᠵᠤ ᠪᠣᠶ᠃ | ᠪᠣᠳᠠᠲᠠᠶ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ᠄ ᠵᠣᠬᠢᠬᠤ ᠪᠡᠯᠴᠢᠭᠡᠷ ᠤᠨ ᠲᠠᠯᠠᠪᠠᠶ᠂ ᠶᠠᠮᠠᠷ ᠨᠢᠭᠡᠨ | ᠠᠰᠢᠭᠯᠠᠯᠲᠠ ᠶᠢᠨ ᠬᠤᠭᠤᠴᠠᠭᠠᠨ ᠳᠤ ᠪᠣᠳᠠᠲᠠᠶ ᠳᠠᠭᠠᠭᠠᠨ ᠲᠡᠵᠢᠭᠡᠭᠰᠡᠨ ᠬᠤᠨᠢᠨ ᠤ ᠨᠢᠭᠡᠴᠢ ᠲᠤᠭ᠎ᠠ ᠪᠤᠯᠤᠨ᠎ᠠ᠃ | ᠣᠨᠣᠯ ᠤᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ᠄ ᠪᠡᠯᠴᠢᠭᠡᠷ ᠤᠨ ᠮᠠᠭᠤᠵᠢᠷᠠᠬᠤ ᠥᠬᠡᠶ ᠪᠤᠶᠤ ᠡᠷᠡᠭᠦᠯ | ᠪᠠᠶᠢᠳᠠᠯ ᠳᠣᠤᠷᠠᠬᠢ ᠨᠢᠭᠡᠴᠢ ᠲᠠᠯᠠᠪᠠᠶ ᠶᠢᠨ ᠮᠠᠯᠵᠢᠯ ᠤᠨ ᠲᠠᠯᠠᠪᠠᠶ ᠳᠠᠬᠢ ᠪᠡᠯᠴᠢᠭᠡᠷᠯᠡᠭᠦᠯᠵᠦ ᠳᠡᠶᠢᠯᠬᠦ ᠬᠤᠨᠢᠨ ᠤ | ᠨᠢᠭᠡᠴᠢ ᠲᠤᠭ᠎ᠠ ᠪᠤᠯᠤᠨ᠎ᠠ᠃ | ᠲᠤᠯᠤᠭ᠎ᠠ᠂ ᠪᠡᠯᠴᠢᠭᠡᠷᠯᠡᠭᠦᠯᠬᠦ ᠶᠢ ᠵᠤᠭᠰᠤᠭᠠᠬᠤ ᠨᠢ ᠠᠷᠠᠳ ᠤᠯᠠᠨ ᠳᠤ ᠠᠰᠢᠭᠲᠠᠶ | ︵ᠨᠢᠭᠡ︶ ᠶᠠᠭᠤᠨ ᠳᠤ ᠪᠡᠯᠴᠢᠭᠡᠷᠯᠡᠭᠦᠯᠬᠦ ᠶᠢ ᠵᠤᠭᠰᠣᠭᠠᠵᠤ ᠪᠡᠯᠴᠢᠭᠡᠷ ᠢ ᠰᠡᠯᠭᠦᠭᠡᠬᠦ ᠪᠤᠢ | ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠪᠣᠯ ᠨᠤᠲᠤᠭ ᠪᠡᠯᠴᠢᠭᠡᠷ ᠢ ᠮᠠᠭᠤᠳᠠᠭᠤᠯᠵᠤ ᠡᠯᠡᠰᠦᠵᠢᠭᠦᠯᠬᠦ ᠶᠢᠨ | ᠴᠢᠬᠤᠯᠠ ᠰᠢᠯᠲᠠᠭᠠᠨ ᠮᠥᠨ᠂ ᠪᠡᠯᠴᠢᠭᠡᠷᠯᠡᠭᠦᠯᠬᠦ ᠶᠢ ᠵᠤᠭᠰᠤᠭᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠪᠣᠯ ᠨᠤᠲᠤᠭ ᠪᠡᠯᠴᠢᠭᠡᠷ ᠤᠨ ᠮᠠᠭᠤᠳᠠᠬᠤ ᠶᠢ ᠬᠤᠷᠢᠭᠯᠠᠬᠤ ᠶᠢᠨ ᠦᠨᠳᠦᠰᠦᠨ ᠠᠴᠠ ᠨᠢ ᠵᠠᠰᠠᠬᠤ | ᠪᠣᠳᠣᠯᠭ᠎ᠠ ᠮᠥᠨ᠃ ᠮᠠᠨ ᠤ ᠬᠤᠲᠠ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠢᠶᠠᠷ ᠳᠠᠮᠵᠢᠨ ᠠᠮᠢ ᠠᠬᠤᠢ ᠣᠷᠴᠢᠨ | ᠲᠣᠭᠤᠷᠢᠨ ᠳᠤ ᠢᠯᠡᠳᠲᠡ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠃ ᠨᠢᠭᠡ ᠳᠤ ᠨᠤᠲᠤᠭ | ᠪᠡᠯᠴᠢᠭᠡᠷ ᠤᠨ ᠠᠮᠢ ᠠᠬᠤᠶ ᠦᠷᠭᠦᠯᠵᠢᠯᠡᠨ ᠰᠠᠶᠢᠵᠢᠷᠠᠪᠠ᠃ ᠨᠤᠲᠤᠭ ᠪᠡᠯᠴᠢᠭᠡᠷ ᠢ ᠠᠮᠤᠷᠵᠢᠭᠤᠯᠤᠨ ᠲᠡᠩᠬᠡᠷᠡᠭᠦᠯᠵᠦ᠂ | ᠨᠤᠲᠤᠭ ᠪᠡᠯᠴᠢᠭᠡᠷ ᠤᠨ ᠳᠠᠭᠠᠭᠠᠴᠠ ᠶᠢᠨ ᠳᠠᠷᠤᠯᠲᠠ ᠮᠡᠳᠡᠭᠳᠡᠬᠦ᠋ᠢᠴᠡ ᠪᠠᠭᠤᠷᠠᠵᠤ᠂ ᠨᠤᠲᠤᠭ ᠪᠡᠯᠴᠢᠭᠡᠷ ᠤᠨ | ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠵᠡᠷᠭᠡ ᠠᠮᠢ ᠠᠬᠤᠶ ᠶᠢᠨ ᠴᠢᠳᠠᠮᠵᠢ ᠠᠯᠬᠤᠮ ᠠᠯᠬᠤᠮ ᠢᠶᠠᠷ ᠰᠡᠷᠭᠦᠪᠡ | ᠃ ᠬᠤᠶᠠᠷ ᠲᠤ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ | ᠥᠬᠡᠶ ᠳᠡᠭᠡᠭᠰᠢᠯᠡᠭᠦᠯᠪᠡ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠮᠠᠯ ᠪᠡᠯᠴᠢᠭᠡᠷ ᠤᠨ | ᠤᠶᠢᠯᠡᠳᠪᠤᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠬᠦᠴᠦᠲᠡᠶ ᠠᠬᠢᠭᠤᠯᠵᠤ᠂ ᠨᠤᠲᠤᠭ ᠪᠡᠯᠴᠢᠭᠡᠷ ᠤᠨ | ᠠᠰᠢᠭᠯᠠᠯᠲᠠ ᠶᠢ ᠨᠠᠩ ᠵᠦᠶ ᠵᠣᠬᠢᠰᠲᠠᠶ ᠪᠣᠯᠭᠠᠵᠤ᠂ ᠨᠤᠲᠤᠭ ᠪᠡᠯᠴᠢᠭᠡᠷ ᠤᠨ ᠮᠠᠯᠵᠢᠬᠤ ᠣᠷᠣᠨ ᠤ ᠶᠡᠷᠦᠩᠬᠡᠶᠢᠯᠡᠭᠰᠡᠨ | ᠤᠶᠢᠯᠡᠳᠪᠤᠷᠢᠯᠡᠯ ᠤᠨ ᠴᠢᠳᠠᠪᠤᠷᠢ ᠶᠢ ᠲᠡᠭᠡᠭᠰᠢᠯᠡᠭᠦᠯᠪᠡ᠃ | ︵ᠬᠤᠶᠠᠷ︶ ᠬᠡᠨ ᠤ ᠲᠥᠯᠥᠭᠡ ᠪᠡᠯᠴᠢᠭᠡᠷᠯᠡᠭᠦᠯᠬᠦ ᠶᠢ ᠵᠤᠭᠰᠤᠭᠠᠬᠤ ᠪᠤᠢ | ᠨᠤᠲᠤᠭ ᠪᠡᠯᠴᠢᠭᠡᠷ ᠪᠣᠯ ᠮᠠᠯᠴᠢᠳ ᠤᠨ ᠬᠢ ᠶᠤᠮ᠂ ᠪᠡᠯᠴᠢᠭᠡᠷᠯᠡᠭᠦᠯᠬᠦ ᠶᠢ ᠵᠤᠭᠰᠤᠭᠠᠬᠤ ᠪᠣᠯ ᠣᠬᠤᠷᠬᠠᠨ | ᠬᠤᠭᠤᠴᠠᠭᠠᠨ ᠤ ᠬᠢ ᠶᠤᠮ᠂ ᠠᠮᠢ ᠠᠬᠤᠶ ᠰᠡᠷᠭᠦᠭᠡᠪᠡᠯ ᠤᠯᠠᠨ ᠢᠶᠠᠷ ᠢᠶᠠᠨ ᠰᠢᠨᠵᠢᠯᠡᠬᠦ ᠤᠬᠠᠭᠠᠨᠴᠢ ᠪᠥᠭᠡᠳ ᠵᠦᠢ | ᠵᠣᠬᠢᠰᠲᠠᠶ ᠰᠠᠭᠤᠷᠢᠨ ᠳᠡᠭᠡᠷ᠎ᠡ ᠥᠨᠢ ᠡᠭᠦᠷᠢᠳᠡ ᠦᠷᠭᠦᠯᠵᠢᠯᠡᠨ ᠠᠰᠢᠭᠯᠠᠵᠤ᠂ ᠨᠤᠲᠤᠭ ᠪᠡᠯᠴᠢᠭᠡᠷ ᠤᠨ ᠬᠠᠮᠤᠭ ᠤᠨ | ᠶᠡᠭᠡ ᠦᠨ᠎ᠡ ᠦᠷᠳᠡᠭ ᠢ ᠪᠡᠶᠡᠯᠡᠭᠦᠯᠤᠨ ᠨᠤᠲᠤᠭ ᠪᠡᠯᠴᠢᠭᠡᠷ ᠤᠨ ᠪᠢᠳᠡᠨ ᠳᠤ ᠤᠯᠭᠤᠭᠰᠠᠨ ᠬᠠᠮᠤᠭ ᠤᠨ ᠶᠡᠭᠡ ᠠᠴᠢ | ᠲᠤᠰᠠ ᠶᠢ ᠡᠳ᠋ᠯᠡᠵᠦ ᠲᠡᠶᠢᠯᠤᠨ᠎ᠡ᠃ ᠨᠤᠲᠤᠭ ᠪᠡᠯᠴᠢᠭᠡᠷ ᠢ ᠰᠠᠶᠢᠲᠤᠷ ᠬᠠᠮᠠᠭᠠᠯᠠᠬᠤ ᠨᠢ ᠮᠠᠯᠴᠢᠳ ᠤᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠪᠠ ᠠᠮᠢᠳᠤᠷᠠᠯ ᠢ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠯᠭᠠᠬᠤ ᠳᠡᠭᠡᠷ᠎ᠡ | ᠢᠯᠡᠷᠡᠨ᠎ᠡ᠃ ᠬᠡᠳᠦ᠋ᠢᠪᠡᠷ ᠪᠡᠯᠴᠢᠭᠡᠷᠯᠡᠭᠦᠯᠬᠦ ᠶᠢ ᠵᠤᠭᠰᠤᠭᠠᠭᠰᠠᠨ ᠤ ᠳᠠᠷᠠᠭ᠎ᠠ ᠮᠠᠯᠴᠢᠳ ᠲᠤ ᠤᠶᠢᠯᠡᠳᠪᠤᠷᠢᠯᠡᠯ | ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠷᠠᠯᠲᠠ ᠲᠤᠯᠭᠠᠷᠠᠵᠤ ᠮᠡᠳᠡᠬᠦ ᠪᠣᠯᠪᠠᠴᠤ ᠪᠡᠯᠴᠢᠭᠡᠷᠯᠡᠭᠦᠯᠬᠦ ᠶᠢ ᠵᠤᠭᠰᠤᠭᠠᠬᠤ | ᠪᠠ ᠪᠡᠯᠴᠢᠭᠡᠷ ᠢ ᠠᠮᠠᠷᠠᠭᠤᠯᠬᠤ ᠲᠥᠷᠥ ᠶᠢᠨ ᠪᠣᠳᠣᠯᠭ᠎ᠠ ᠨᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ | ᠠᠰᠢᠭᠯᠠᠬᠤ ᠳᠤ ᠠᠰᠢᠭᠲᠠᠶ ᠶᠤᠮ᠃ ᠪᠡᠯᠴᠢᠭᠡᠷᠯᠡᠭᠦᠯᠬᠦ ᠶᠢ ᠪᠠᠭᠠᠰᠬᠠᠬᠤ ᠪᠤᠶᠤ ᠵᠣᠭᠰᠣᠭᠠᠬᠤ ᠪᠠᠷ ᠲᠠᠮᠵᠢᠨ᠂ ᠨᠤᠲᠤᠭ | ᠪᠡᠯᠴᠢᠭᠡᠷ ᠭᠦᠢᠴᠡᠳ ᠠᠮᠤᠷᠵᠢᠨ ᠲᠡᠩᠬᠡᠷᠡᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠨ ᠪᠤᠶᠢᠵᠢᠭᠤᠯᠵᠤ᠂ | ᠬᠥᠷᠥᠰᠥ ᠰᠢᠷᠣᠶ ᠶᠢᠨ ᠪᠦᠲᠦᠴᠡ ᠶᠢ ᠰᠠᠶᠢᠵᠢᠷᠠᠭᠤᠯᠵᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠨ᠎ᠠ᠃ ᠡᠨᠡ ᠨᠢ | ᠮᠠᠯᠴᠢᠨ ᠲᠠᠷᠢᠶᠠᠴᠢᠨ ᠳᠤ ᠨᠡᠩ ᠲᠣᠭᠲᠠᠭᠤᠨ ᠪᠥᠭᠡᠳ ᠴᠢᠨᠠᠷ ᠰᠠᠶᠢᠲᠠᠶ ᠨᠤᠲᠤᠭ ᠪᠡᠯᠴᠢᠭᠡᠷ ᠤᠨ ᠡᠬᠢ ᠪᠠᠶᠠᠯᠢᠭ ᠢ | ᠬᠠᠩᠭᠠᠵᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠢ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠡᠷᠬᠢᠯᠡᠵᠦ᠂ | ᠡᠭᠦᠨ ᠤ ᠤᠯᠠᠮ ᠠᠴᠠ ᠨᠡᠩ ᠰᠠᠶᠢᠨ ᠠᠵᠤ ᠠᠬᠤᠶ ᠶᠢᠨ ᠦᠷ᠎ᠡ ᠠᠰᠢᠭ ᠢ ᠣᠯᠭᠤᠨ᠎ᠠ᠃ ᠦᠨᠡᠨ ᠳᠡᠭᠡᠨ ᠨᠤᠲᠤᠭ | ᠪᠡᠯᠴᠢᠭᠡᠷ ᠢ ᠬᠠᠮᠠᠭᠠᠯᠠᠬᠤ ᠪᠣᠯ ᠥᠷᠭᠡᠨ ᠤᠯᠠᠨ ᠮᠠᠯᠴᠢᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢᠨ ᠲᠥᠯᠥᠭᠡ | ᠂ ᠤᠯᠠᠨ ᠢᠶᠠᠷ ᠢᠶᠠᠨ ᠣᠶᠢᠯᠠᠭᠠᠬᠤ ᠶᠢ ᠬᠦᠰᠡᠵᠦ ᠪᠠᠶᠢᠨ᠎ᠠ᠃ | ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠤᠲᠠᠰᠤ᠄ | ᠷᠠᠰᠢᠶᠠᠨ ᠤ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 13948227795 | ᠪᠠᠶ ᠯᠠᠩ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 13948227101 | ᠡᠦ ᠴᠠ ᠭᠧᠤ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 13848381003 | ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠢᠳᠡᠭᠡᠨ ᠡᠮ ᠤᠨ ᠵᠤᠶᠢᠯᠡᠰ ᠤᠷᠴᠢᠨ | ᠲᠤᠭᠤᠷᠢᠨ ᠤ ᠶᠠᠯᠠᠳᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ 0482 — 7127110 | ᠲᠢᠶᠠᠨ ᡂᠢ ᠪᠠᠯᠭᠠᠰᠤ 15248577090 | ᠪᠠᠶ ᠯᠠᠩ ᠪᠠᠯᠭᠠᠰᠤ 13451392280 | ᠡᠦ ᠴᠠ ᠭᠧᠤ ᠪᠠᠯᠭᠠᠰᠤ 18804807858 | ᠮᠢᠩ ᠱᠦᠢ ᠪᠠᠯᠭᠠᠰᠤ 18704859618 ᠪᠤᠯᠤᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠨᠢᠭᠡᠴᠢ᠄ ᠷᠠᠰᠢᠶᠠᠨ ᠬᠤᠲᠠ ᠶᠢᠨ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ | ᠬᠠᠷᠢᠯᠴᠠᠬᠤ ᠬᠥᠮᠦᠨ᠄ ᠴᠢᠶᠣᠤ ᠶᠦᠩ | ᠬᠠᠷᠢᠯᠴᠠᠬᠤ ᠤᠲᠠᠰᠤ᠄ 0482 — 7123119 ᠪᠤᠯᠤᠨ᠎ᠠ᠃ | |