| ᠨᠢᠭᠡ ᠳᠤ ᠬᠠᠯᠠᠭᠤᠮᠰᠤᠭ ᠦᠢᠯᠡᠴᠢᠯᠡᠭᠡ ᠶᠢ ᠪᠣᠳᠠᠲᠠᠢ ᠬᠢᠪᠡ᠃ 2024 ᠣᠨ ᠤ 11 ᠳ᠋ᠦ᠋ᠭᠡᠷ ᠰᠠᠷ᠎ᠠ ᠳᠤ᠂ | ᠷᠠᠰᠢᠶᠠᠨ ᠬᠤᠲᠠ ᠮᠥᠰᠥ ᠴᠠᠰᠤ᠂ ᠬᠠᠯᠠᠭᠤᠨ ᠷᠠᠰᠢᠶᠠᠨ ᠢ ᠪᠠᠭᠲᠠᠭᠠᠭᠰᠠᠨ 10 ᠵᠦᠢᠯ ᠤᠨ ᠭᠤᠣᠯᠯᠠᠬᠤ | ᠵᠢᠭᠤᠯᠴᠢᠯᠠᠯ ᠤᠨ ᠨᠡᠷᠡᠳᠬᠦᠨ ᠪᠠ ᠡᠪᠦᠯ ᠤᠨ ᠤᠯᠠᠷᠢᠯ ᠤᠨ 4 ᠰᠣᠳᠣᠨ ᠵᠢᠭᠤᠯᠴᠢᠯᠠᠯ ᠤᠨ ᠱᠤᠭᠤᠮ ᠢ ᠨᠡᠶᠢᠲᠡᠯᠡᠵᠦ᠂ | ᠡᠯ᠎ᠡ ᠭᠠᠵᠠᠷ ᠤᠨ ᠵᠢᠭᠤᠯᠴᠢᠯᠠᠭᠴᠢᠳ ᠲᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠤᠷᠢᠯᠭ᠎ᠠ ᠶᠢ ᠳᠡᠪᠰᠢᠭᠦᠯᠵᠡᠢ᠃ | ᠷᠠᠰᠢᠶᠠᠨ ᠤ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ ᠤᠨ ᠵᠢᠵᠢᠭ ᠫᠷᠣᠭ᠍ᠷᠠᠮ ᠳᠤ ︽ᠨᠢᠭᠡ ᠳᠠᠷᠤᠪᠴᠢ ᠪᠠᠷ | ᠦᠢᠯᠡᠴᠢᠯᠡᠬᠦ︾ ᠴᠢᠳᠠᠮᠵᠢ ᠶᠢ ᠲᠣᠬᠢᠷᠠᠭᠤᠯᠵᠤ᠂ ᠵᠢᠭᠤᠯᠴᠢᠯᠠᠭᠴᠢᠳ ᠤᠨ ᠢᠯᠡ ᠵᠠᠬᠢᠳᠠᠯ ᠤᠨ ᠨᠢᠭᠤᠷ ᠲᠤ ᠺᠠᠷᠲᠯᠠᠬᠤ | ᠂ ᠲᠠᠮᠠᠭ᠎ᠠ ᠳᠠᠷᠤᠵᠤ ᠺᠠᠷᠲᠯᠠᠬᠤ ᠵᠢᠴᠢ ᠬᠠᠯᠠᠭᠤᠨ ᠤᠰᠤᠨ ᠤ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ | ᠬᠠᠩᠭᠠᠵᠤ᠂ ᠦᠵᠡᠮᠵᠢ ᠶᠢᠨ ᠭᠠᠵᠠᠷ ᠤᠳ ᠲᠤ ᠬᠥᠪᠥᠩ ᠳ᠋ᠠᠴᠠᠩ᠂ ᠪᠡᠭᠡᠯᠡᠢ᠂ ᠮᠠᠯᠠᠭᠠᠢ᠂ ᠬᠠᠯᠠᠭᠤᠨ ᠵᠢᠩ᠂ | ᠬᠥᠯ ᠤᠨ ᠨᠠᠭᠠᠯᠲᠠ ᠵᠡᠷᠭᠡ ᠶᠢ ᠬᠠᠩᠭᠠᠨ ᠥᠭᠴᠦ᠂ ᠵᠢᠭᠤᠯᠴᠢᠯᠠᠭᠴᠢᠳ ᠤᠨ ᠳᠠᠭᠠᠷᠠᠵᠤ ᠪᠡᠭᠡᠷᠡᠬᠦ ᠠᠴᠠ ᠰᠡᠷᠭᠡᠶᠢᠯᠡᠪᠡ | ︔ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠰᠢᠭᠤᠳ ᠬᠦᠷᠬᠦ ᠲᠡᠷᠭᠡ ᠶᠢ | ᠨᠠᠪᠲᠠᠷᠡᠭᠦᠯᠵᠦ᠂ ᠵᠢᠭᠤᠯᠴᠢᠯᠠᠭᠴᠢᠳ ᠤᠨ ᠠᠳᠠᠯᠢ ᠪᠤᠰᠤ ᠦᠵᠡᠮᠵᠢ ᠶᠢᠨ ᠣᠷᠣᠨ ᠳᠤ ᠶᠠᠪᠤᠵᠤ ᠪᠤᠴᠠᠬᠤ ᠳᠤ ᠨᠢ | ᠳᠦᠭᠦᠮᠯᠡᠪᠡ᠃ ᠬᠤᠶᠠᠷ ᠲᠤ ᠭᠤᠣᠯ ᠰᠡᠳᠦᠪᠲᠦ ᠠᠵᠢᠯᠯᠠᠭ᠎ᠠ ᠶᠢ ᠨᠠᠷᠢᠯᠢᠭ ᠬᠢᠪᠡ᠃ ︽ᠠᠶᠠᠯᠭᠤᠲᠦ ᠵᠢᠭᠤᠯᠴᠢᠯᠠᠯ | ᠥᠪᠥᠷ ᠮᠣᠩᠭᠤᠯ ᠪᠠᠶᠠᠷ ᠪᠠᠶᠠᠰᠬᠤᠯᠠᠩᠲᠤ ᠮᠥᠰᠥ ᠴᠠᠰᠤᠨ ᠤ ᠤᠯᠠᠷᠢᠯ︾ ᠭᠡᠬᠦ ᠭᠤᠣᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠵᠦ᠂ ᠳᠡᠯᠭᠡᠷ ᠨᠠᠭᠠᠳᠤᠮ᠂ ᠮᠥᠰᠥ ᠴᠠᠰᠤᠨ ᠳᠤ ᠲᠣᠭᠯᠠᠬᠤ ᠵᠡᠷᠭᠡ ᠲᠠᠪᠤᠨ ︽ᠡᠳᠦᠷ ᠡᠳᠦᠷ︾ ᠤᠨ | ᠰᠢᠷᠢᠰ ᠭᠤᠣᠯ ᠰᠡᠳᠦᠪᠲᠦ ᠵᠢᠭᠤᠯᠴᠢᠯᠠᠯ ᠤᠨ ᠨᠡᠷᠡᠳᠬᠦᠨ ᠪᠠ ᠰᠣᠶᠣᠯ ᠤᠨ ᠳᠣᠬᠢᠶᠠᠯᠳᠤᠮᠵᠢ ᠪᠠᠷ ᠡᠷᠡᠭᠦᠯᠵᠢᠬᠦ | ᠠᠶᠠᠯᠠᠯ᠂ ᠪᠡᠶ᠎ᠡ ᠶᠢᠨ ᠲᠠᠮᠢᠷ ᠤᠨ ᠲᠤᠰᠠ ᠪᠠᠷ ᠡᠷᠡᠭᠦᠯᠵᠢᠬᠦ ᠠᠶᠠᠯᠠᠯ ᠵᠡᠷᠭᠡ ᠲᠠᠪᠤᠨ ᠵᠦᠢᠯ ᠤᠨ ᠡᠷᠡᠭᠦᠯᠵᠢᠯ ᠤᠨ | ᠰᠢᠷᠢᠰ ᠠᠵᠢᠯᠯᠠᠭ᠎ᠠ ᠶᠢ ᠪᠤᠢ ᠪᠣᠯᠭᠠᠪᠠ︔ ︽ᠮᠥᠰᠥ ᠴᠠᠰᠤ +︾ ᠶᠢ ᠬᠥᠭᠵᠢᠭᠦᠯᠬᠦ ᠶᠢᠨ ᠲᠣᠭᠤᠷᠢᠨ ᠳᠤ᠂ ᠴᠠᠰᠤᠨ | ᠳᠡᠭᠡᠷᠡᠬᠢ ᠬᠥᠯ ᠪᠥᠮᠪᠦᠭᠡ ᠶᠢᠨ ᠲᠠᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ᠂ ᠰᠤᠳᠤᠯᠤᠨ ᠰᠤᠷᠤᠯᠴᠠᠬᠤ | ᠵᠢᠭᠤᠯᠴᠢᠯᠠᠯ ᠵᠡᠷᠭᠡ 4 ᠵᠦᠢᠯ ᠤᠨ ᠬᠠᠯᠠᠮᠰᠢᠯ ᠨᠡᠷᠡᠳᠬᠦᠨ ᠪᠠ 150 ᠭᠠᠷᠤᠢ ᠵᠦᠢᠯ ᠤᠨ ᠢᠵᠢ ᠪᠦᠷᠢᠳᠦᠭᠰᠡᠨ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠪᠡ᠃ ᠴᠠᠭᠠᠨ ᠰᠠᠷ᠎ᠠ ᠶᠢᠨ ᠬᠤᠭᠤᠴᠠᠭᠠᠨ ᠳᠤ | ᠂ ᠷᠠᠰᠢᠶᠠᠨ ᠢᠶᠠᠷ ᠵᠢᠭᠤᠯᠴᠢᠯᠠᠭᠴᠢᠳ ᠤᠨ ᠲᠤᠭ᠎ᠠ 8.48 ᠲᠦᠮᠡᠨ ᠬᠥᠮᠥᠨ ᠤᠳᠠᠭ᠎ᠠ ᠳᠤ ᠬᠦᠷᠴᠦ᠂ | ᠵᠢᠭᠤᠯᠴᠢᠯᠠᠯ ᠤᠨ ᠣᠷᠣᠯᠭ᠎ᠠ 0.99 ᠳ᠋ᠦᠩᠰᠢᠭᠤᠷ ᠲᠥᠭᠦᠷᠢᠭ ᠲᠤ ᠬᠦᠷᠴᠡᠢ︔ 2024 - 2025 ᠣᠨ ᠤ | ᠮᠥᠰᠥ ᠴᠠᠰᠤᠨ ᠤ ᠤᠯᠠᠷᠢᠯ ᠳᠤ᠂ ᠷᠠᠰᠢᠶᠠᠨ ᠢᠶᠠᠷ ᠵᠢᠭᠤᠯᠴᠢᠯᠠᠭᠴᠢᠳ ᠤᠨ ᠲᠤᠭ᠎ᠠ 70 ᠲᠦᠮᠡᠨ ᠬᠥᠮᠥᠨ | ᠤᠳᠠᠭ᠎ᠠ ᠶᠢ ᠳᠠᠪᠠᠵᠤ᠂ ᠵᠢᠭᠤᠯᠴᠢᠯᠠᠯ ᠤᠨ ᠣᠷᠣᠯᠭ᠎ᠠ 8 ᠳ᠋ᠦᠩᠰᠢᠭᠤᠷ ᠲᠥᠭᠦᠷᠢᠭ ᠲᠤ ᠬᠦᠷᠴᠡᠢ᠃ |