| | 3 ᠰᠠᠷ᠎ᠠ ᠶᠢᠨ 14 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ 2025 ᠤᠨ ᠤ ᠭᠤᠷᠪᠠᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ | ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠬᠤ ᠶᠢᠨ ᠬᠠᠮᠲᠤ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ | ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠬᠤᠲᠠ ᠶᠢᠨ ᠨᠠᠮ ᠤᠨ | ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ | ᠤᠳᠤᠷᠢᠳᠤᠯᠭ᠎ᠠ ᠵᠣᠣ ᠳ᠋ᠧ ᠴᠢᠤᠸᠠᠨ᠂ ᠵᠠᠩ ᡁᠢ ᠵᠢᠶᠦ᠋ᠨ ᠨᠡᠷ ᠬᠤᠷᠠᠯ ᠳᠤ ᠣᠷᠣᠯᠴᠠᠵᠠᠶ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠣᠶᠢᠯᠠᠭᠠᠵᠤ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ | ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ | ᠥᠷᠨᠢᠭᠦᠯᠬᠦ᠂ ︽ᠲᠠᠪᠤᠨ ᠨᠢᠭᠡᠳᠦᠭᠡᠷ︾ ᠢ ᠪᠠᠷᠢᠮᠲᠠᠯᠠᠬᠤ ᠦᠨᠳᠦᠷᠴᠡ ᠠᠴᠠ ᠡᠨᠡ ᠬᠦ ᠭᠤᠤᠯ ᠰᠢᠵᠢᠮ ᠢ ᠡᠵᠡᠮᠳᠡᠵᠦ᠂ | ᠡᠨᠡ ᠬᠦ ᠭᠤᠤᠯ ᠰᠢᠵᠢᠮ ᠢ ᠲᠤᠭᠤᠰᠢᠯᠠᠭᠤᠯᠵᠤ᠂ ᠡᠯ᠎ᠡ ᠵᠦᠢᠯ ᠤᠨ ᠠᠵᠢᠯ ᠢ ᠴᠥᠮ ᠭᠤᠤᠯ ᠰᠢᠵᠢᠮ ᠳᠤ | ᠲᠥᠪᠯᠡᠷᠡᠭᠦᠯᠵᠦ᠂ ᠭᠤᠤᠯ ᠰᠢᠵᠢᠮ ᠪᠠ ᠬᠦᠴᠦᠨ ᠴᠢᠳᠠᠯ ᠢᠶᠠᠨ ᠨᠢᠭᠲᠠᠷᠠᠭᠤᠯᠬᠤ ᠶᠢ ᠠᠬᠢᠭᠤᠯᠬᠤ ᠬᠡᠷᠡᠭᠲᠡᠶ᠃ ︽ | ᠲᠤᠯᠤᠭᠠᠨ ᠵᠢᠱᠢᠶᠡᠴᠢ ᠪᠠᠷ ᠠᠵᠢᠯᠯᠠᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠪᠠᠷᠢᠮᠵᠢᠶᠠᠯᠠᠵᠤ᠂ ︽ᠬᠤᠶᠠᠷ | ᠲᠣᠭᠤᠷᠢᠭ ᠨᠢᠭᠡ ᠴᠣᠩᠬᠤᠪᠴᠢ︾ ᠶᠢᠨ ᠲᠤᠷᠰᠢᠯᠲᠠ ᠶᠢᠨ ᠴᠡᠭ ᠪᠠ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠡᠯ᠎ᠡ ᠲᠥᠷᠥᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ᠪᠥᠬᠦ | ᠤᠯᠤᠰ ᠤᠨ ᠵᠢᠭᠤᠯᠴᠢᠯᠠᠯ ᠢᠶᠠᠷ ︽ᠭᠤᠷᠪᠠ ᠶᠢ ᠰᠣᠯᠪᠢᠴᠠᠭᠤᠯᠬᠤ︾ ᠲᠤᠷᠰᠢᠯᠲᠠ ᠶᠢᠨ ᠴᠡᠭ ᠤᠨ ᠦᠵᠡᠮᠵᠢ ᠶᠢᠨ | ᠣᠷᠣᠨ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠲᠡᠷᠢᠭᠦᠨ ᠤ ᠬᠢᠯᠢ ᠶᠢᠨ ᠰᠡᠷᠭᠡᠶᠢᠯᠡᠯᠲᠡ ᠶᠢᠨ ᠱᠤᠭᠤᠮ | ︾ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠤᠭᠤᠰᠢᠯᠠᠭᠤᠯᠬᠤ ᠠᠵᠢᠯ ᠤᠨ ᠭᠤᠤᠯ ᠰᠢᠵᠢᠮ ᠢ | ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ | ᠥᠨᠳᠥᠷ ᠲᠦᠪᠰᠢᠨ ᠢᠶᠠᠷ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ | ᠬᠠᠮᠵᠢᠯᠴᠠᠵᠤ᠂ ᠠᠵᠢᠯ ᠤᠨ ᠬᠠᠮᠳᠤᠷᠠᠯ ᠤᠨ ᠬᠦᠴᠦᠨ ᠢ ᠪᠣᠶ ᠪᠣᠯᠭᠠᠬᠤ ᠬᠡᠷᠡᠭᠲᠡᠶ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ︽ᠲᠠᠪᠤᠨ ᠱᠠᠲᠤᠨ ᠤ ᠱᠦᠵᠢ︾ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠳᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠵᠢᠭᠤᠯᠴᠢᠯᠠᠯ ᠤᠨ ᠲᠥᠯᠥᠭᠡ ᠲᠠᠷᠢᠶᠠᠯᠠᠬᠤ᠂ ᠵᠢᠭᠤᠯᠴᠢᠯᠠᠯ ᠤᠨ ᠲᠥᠯᠥᠭᠡ ᠮᠠᠯᠵᠢᠬᠤ︾ ᠶᠢ | ᠪᠠᠷᠢᠮᠲᠠᠯᠠᠵᠤ᠂ ᠬᠠᠯᠬ᠎ᠠ ᠲᠤᠭᠤᠷ ᠬᠤᠶᠠᠷ ᠭᠤᠣᠯ ᠤᠨ ᠲᠠᠷᠢᠶᠠᠯᠠᠩ ᠤᠢ ᠰᠢᠭᠤᠢ ᠰᠣᠶᠣᠯ ᠵᠢᠭᠤᠯᠴᠢᠯᠠᠯ ᠤᠨ | ᠠᠭᠤᠰᠤᠯᠴᠠᠯ ᠤᠨ ᠠᠵᠤ ᠦᠢᠯᠡᠰ ᠤᠨ ᠪᠦᠰᠡ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠬᠡᠪᠴᠢᠶᠡᠵᠢᠭᠰᠡᠨ | ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ | ᠰᠢᠤᠳᠠᠨ ᠤ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠦᠨᠡᠨ ᠬᠦ ᠲᠤᠭᠤᠰᠢᠯᠠᠭᠤᠯᠵᠤ᠂ ᠰᠢᠤᠳᠠᠨ ᠤ | ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠲᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ︽ | ᠠᠶᠢᠮᠠᠭ ᠤᠨ ᠨᠠᠮ ᠤᠨ ᠬᠤᠷᠢᠶᠠᠨ ᠤ ᠺᠠᠳ᠋ᠷ ᠤᠨ ᠬᠠᠮᠢᠶᠠᠷᠤᠯᠳᠠ ᠶᠢᠨ ᠤᠨ ᠬᠢᠨᠠᠯᠲᠠ ᠬᠠᠮᠢᠶᠠᠷᠤᠯᠲᠠ ᠶᠢᠨ | ᠬᠤᠯᠪᠣᠭᠳᠠᠯ ᠪᠥᠬᠦᠶ ᠤᠴᠢᠷ ᠶᠠᠪᠤᠳᠠᠯ ᠤᠨ ᠰᠠᠨᠠᠭᠤᠯᠤᠮᠵᠢ ᠶᠢᠨ ᠨᠠᠷᠢᠨ ᠲᠠᠩᠰᠠ︾ ᠪᠠ ︽ᠠᠵᠢᠯ ᠤᠨ ᠰᠠᠨᠠᠭᠤᠯᠤᠮᠵᠢ | ︾ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠰᠤᠷᠤᠯᠴᠠᠵᠤ᠂ ᠨᠠᠷᠢᠨ ᠬᠢᠨᠠᠮᠠᠭᠠᠶ ᠥᠪᠡᠷ ᠢ ᠪᠠᠨ | ᠪᠠᠶᠢᠴᠠᠭᠠᠨ ᠦᠵᠡᠵᠦ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ | ᠬᠡᠷᠡᠭᠵᠢᠭᠦᠯᠬᠦ ᠬᠡᠷᠡᠭᠲᠡᠶ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠰᠤᠷᠤᠯᠴᠠᠬᠤ ᠲᠠᠩᠰᠠ ᠡᠪᠬᠡᠮᠡᠯ ᠢ | ᠪᠠᠶᠢᠭᠤᠯᠵᠤ᠂ ᠰᠠᠨᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠥᠬᠦ ᠲᠠᠯ᠎ᠠ ᠶᠢᠨ ᠬᠠᠮᠢᠶᠠᠷᠤᠯᠲᠠ ᠪᠠ | ᠪᠠᠶᠢᠩᠭᠤ ᠶᠢᠨ ᠴᠢᠨᠠᠷᠲᠠᠶ ᠬᠢᠨᠠᠯᠲᠠ ᠶᠢ ᠴᠢᠩᠭᠠᠳᠬᠠᠵᠤ᠂ ᠡᠯ᠎ᠡ ᠵᠤᠶᠢᠯ ᠤᠨ ᠠᠵᠢᠯ ᠤᠨ ᠱᠠᠭᠠᠷᠳᠠᠯᠭ᠎ᠠ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃ | ᠬᠤᠷᠠᠯ ᠠᠴᠠ᠂ 2025 ᠣᠨ ᠤ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠤᠨ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ᠂ ᠤᠬᠠᠭᠤᠯᠬᠤ ᠬᠡᠯᠲᠡᠰ ᠤᠨ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ | ᠵᠣᠬᠢᠶᠠᠨ ᠪᠠᠶᠢᠭᠤᠯᠬᠤ ᠠᠵᠢᠯ ᠤᠨ ᠲᠠᠯ᠎ᠠ ᠪᠠᠷ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢᠲᠠᠨ ᠤ ᠠᠵᠢᠯ ᠢ ᠪᠣᠳᠠᠲᠠᠢ | ᠪᠥᠭᠡᠳ ᠨᠠᠷᠢᠯᠢᠭ ᠠᠳᠬᠤᠬᠤ ᠬᠡᠷᠡᠭᠲᠡᠢ᠃ ᠤᠬᠠᠭᠤᠯᠭ᠎ᠠ ᠶᠢᠨ ᠠᠵᠢᠯ ᠤᠨ ᠲᠠᠯ᠎ᠠ ᠪᠠᠷ ᠨᠠᠮ ᠤᠨ ᠰᠢᠨ᠎ᠡ ᠶᠢ ᠡᠭᠦᠳᠬᠦ | ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ | ᠭᠦᠨᠵᠡᠭᠡᠢ ᠠᠭᠤᠰᠤᠯᠴᠠᠯ ᠢ ᠨᠡᠩ ᠰᠠᠶᠢᠲᠤᠷ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠤᠨ ᠲᠠᠯ᠎ᠠ ᠪᠠᠷ ᠨᠢᠭᠡᠳᠦᠮᠡᠯ | ᠹᠷᠣᠨᠲ ᠤᠨ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠨᠢᠭᠡᠳᠦᠮᠡᠯ ᠹᠷᠣᠨᠲ ᠤᠨ ᠡᠭᠦᠷᠭᠡ | ᠬᠠᠷᠢᠭᠤᠴᠠᠯᠭ᠎ᠠ ᠶᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠴᠢᠬᠤᠯᠠ ᠬᠠᠤᠯᠢ ᠶᠢᠨ ᠵᠡᠪᠰᠡᠭ ᠢ ᠰᠠᠶᠢᠲᠤᠷ | ᠬᠡᠷᠡᠭᠯᠡᠵᠦ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠲᠠᠰᠤᠷᠠᠯᠲᠠ ᠦᠭᠡᠢ | ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ |