ᠷᠠᠰᠢᠶᠠᠨ ᠬᠤᠲᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 94 ᠳ᠋ᠤᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/17
        3 ᠰᠠᠷ᠎ᠠ ᠶᠢᠨ 14 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 94 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠠᠷᠭ᠎ᠠ ᠪᠠᠷ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠦᠬᠦ ᠤᠯᠤᠰ ᠤᠨ ᠬᠤᠶᠠᠷ ᠬᠤᠷᠠᠯ ᠤᠨ ᠲᠦᠷᠦ ᠶᠢᠨ ᠪᠤᠳᠤᠯᠭ᠎ᠠ ᠶᠢᠨ ᠠᠰᠢᠭᠲᠠᠢ ᠪᠠᠶᠢᠳᠠᠯ ᠢ ᠭᠦᠨᠵᠡᠭᠡᠢ ᠰᠤᠳᠤᠯᠵᠤ᠂ ᠬᠤᠳᠠ ᠶᠢᠨ ᠨᠠᠮ ᠤᠨ ᠬᠤᠷᠢᠶᠠᠨ ᠤ ᠵᠢᠯ ᠤᠨ ᠡᠬᠢᠨ ᠳᠤ ᠳᠤᠷᠠᠳᠤᠭᠰᠠᠨ ᠬᠠᠷᠠᠯᠲᠠ ᠱᠠᠭᠠᠷᠳᠠᠯᠭ᠎ᠠ ᠲᠠᠢ ᠤᠶᠠᠯᠳᠤᠭᠤᠯᠤᠨ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃      ᠬᠤᠷᠠᠯ ᠠᠴᠠ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ  ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠬᠠᠮᠢᠶ᠎ᠠ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠠᠵᠢᠯ ᠤᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠬᠦ ᠬᠦᠷᠲᠡᠮᠵᠢ ᠶᠢᠨ ᠲᠦᠷᠦᠭᠳᠡᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠴᠢᠬᠤᠯᠠᠴᠢᠯᠠᠪᠠ       ᠬᠤᠷᠠᠯ ᠠᠴᠠ᠂ ᠡᠨᠡ ᠵᠢᠯ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠤᠨᠢᠨ ᠳᠡᠭᠡᠷ᠎ᠡ ᠨᠢ ᠡᠵᠡᠮᠳᠡᠵᠦ᠂ ︽ᠵᠢᠭᠤᠯᠴᠢᠯᠠᠯ ᠤᠨ ᠲᠥᠯᠥᠭᠡ ᠲᠠᠷᠢᠶᠠᠯᠠᠬᠤ᠂ ᠵᠢᠭᠤᠯᠴᠢᠯᠠᠯ ᠤᠨ ᠲᠥᠯᠥᠭᠡ ᠮᠠᠯᠵᠢᠬᠤ︾ ᠶᠢ ᠢᠮᠠᠭᠲᠠ ᠪᠠᠷᠢᠮᠲᠠᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠯ᠎ᠡ ᠵᠦᠢᠯ ᠤᠨ ᠠᠵᠢᠯ ᠤᠨ ᠦᠷ᠎ᠡ ᠪᠦᠲᠦᠭᠡᠯ ᠢ ᠠᠬᠢᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠨᠠᠷᠢᠨ ᠨᠢᠮᠪᠠᠢ ᠲᠥᠯᠥᠪᠵᠢᠭᠦᠯᠵᠦ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠵᠤ᠂ ᠲᠠᠬᠢᠨ ᠰᠢᠨ᠎ᠡ ᠶᠢ ᠡᠭᠦᠳᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠶᠢ ᠶᠡᠭᠡ ᠪᠠᠷ ᠥᠷᠨᠢᠭᠦᠯᠵᠦ᠂ ᠭᠤᠤᠯᠳᠠᠯᠭ᠎ᠠ ᠲᠠᠢ ᠭᠠᠵᠠᠷ ᠣᠷᠣᠨ ᠯᠤᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠦᠴᠦᠯᠡᠨ ᠴᠢᠩᠭᠠᠳᠬᠠᠵᠤ᠂ ᠬᠠᠮᠢᠶ᠎ᠠ ᠪᠥᠬᠦᠶ ᠭᠠᠵᠠᠷ ᠣᠷᠣᠨ ᠯᠤᠭ᠎ᠠ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠥᠭᠵᠢᠯᠲᠡ ᠶᠢ ᠬᠠᠷᠢᠯᠴᠠᠨ ᠲᠤᠰᠠᠯᠠᠬᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃     ᠬᠤᠷᠠᠯ ᠠᠴᠠ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ︽ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠨᠠᠷᠢᠨ ᠲᠠᠩᠰᠠ︾ ᠶᠢ ᠴᠢᠩᠭ᠎ᠠ ᠬᠡᠷᠡᠭᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠵᠦ᠂ ᠷᠠᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠯᠢᠪᠠ ᠠᠵᠢᠯ ᠢ ᠶᠡᠷᠦᠩᠬᠡᠶᠢᠯᠡᠨ ᠵᠢᠯᠣᠭᠤᠳᠴᠤ᠂ ᠬᠠᠷᠠᠯᠲᠠ ᠪᠠᠨ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠵᠤ᠂ ᠷᠠᠰᠢᠶᠠᠨ ᠤ ᠤᠯᠤᠰ ᠲᠦᠷᠦ ᠶᠢᠨ ᠠᠮᠢ ᠠᠬᠤᠢ ᠶᠢ ᠨᠡᠩ  ᠦᠵᠡᠰᠭᠦᠯᠡᠩᠳᠤ ᠰᠠᠶᠢᠬᠠᠨ᠂ ᠰᠤᠷᠲᠠᠯ ᠴᠢᠬᠡᠴᠢ ᠣᠪᠣᠷ ᠲᠥᠪ ᠪᠣᠯᠭᠠᠨ ᠴᠣᠭᠴᠠᠯᠠᠬᠤ ᠬᠡᠷᠡᠭᠲᠡᠢ ᠃ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠭᠤᠤᠯᠳᠠᠯᠭ᠎ᠠ ᠶᠢ ᠳᠣᠪᠤᠶᠢᠯᠭᠠᠨ᠂ ᠬᠢᠨᠠᠨ ᠪᠤᠳᠤᠬᠤ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠴᠢᠨᠠᠷ ᠰᠠᠶᠢᠲᠠᠶ ᠬᠢᠨᠠᠨ ᠪᠤᠳᠤᠬᠤ ᠬᠢᠨᠠᠯᠲᠠ ᠲᠠᠯᠪᠢᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ᠂ ᠬᠤᠳᠠ ᠶᠢᠨ ᠠᠷᠠᠳ ᠤᠨ ᠰᠢᠭᠦᠬᠦ ᠬᠤᠷᠢᠶ᠎ᠠ᠂ ᠬᠤᠳᠠ ᠶᠢᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ᠂ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ 2025 ᠣᠨ ᠤ ᠠᠵᠢᠯ ᠤᠨ ᠭᠤᠣᠯᠳᠠᠯᠭ᠎ᠠ᠂ ᠠᠵᠢᠯ ᠤᠨ ᠲᠥᠯᠥᠪᠯᠡᠭᠡ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠬᠤ᠂ ᠭᠤᠣᠯ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠦᠢᠯᠡᠳᠦᠯᠭᠡᠵᠢᠭᠦᠯᠬᠦ᠂ ᠪᠦᠯᠬᠦᠮᠳᠡᠨ ᠲᠡᠮᠡᠴᠡᠬᠦ ᠶᠢ ᠠᠬᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠷᠠᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠬᠦ ᠵᠡᠷᠭᠡ ᠠᠵᠢᠯ ᠢ ᠭᠦᠨᠵᠡᠭᠡᠢ ᠥᠷᠨᠢᠭᠦᠯᠬᠦ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠥᠭᠡᠳ ᠪᠤᠰᠤᠳ ᠵᠦᠢᠯᠡᠰ ᠢ ᠰᠤᠳᠤᠯᠵᠠᠢ᠃       
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号