ᠲᠢᠶᠠᠨ ᡂᠢ ᠨᠡᠶᠢᠭᠡᠮ ᠲᠣᠭᠤᠷᠢᠭ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2025/3/18
    ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠤ᠂ ᠡᠵᠡᠩᠨᠡᠭᠴᠢᠳ‌‍ᠤᠨ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠬᠤ᠂ ᠪᠣᠯᠪᠠᠰᠤᠨ ᠢᠶᠠᠷ ᠬᠤᠳᠠᠯᠳᠤᠭ᠎ᠠ ᠶᠢ ᠬᠥᠭᠵᠢᠭᠦᠯᠬᠦ ᠣᠶᠢᠯᠠᠭᠠᠭᠳᠠᠬᠤᠨ ᠢ ᠪᠣᠶ ᠪᠣᠯᠭᠠᠬᠤ ᠶᠢᠨ ᠲᠦᠯᠦᠭᠡ᠂ 3 ᠰᠠᠷ᠎ᠠ ᠶᠢᠨ 13 ᠤ ᠡᠳᠦᠷ᠂  ᠷᠠᠰᠢᠶᠠᠨ ᠬᠤᠳᠠ ᠶᠢᠨ ᠲᠢᠶᠠᠨ ᡂᠢ ᠪᠠᠯᠭᠠᠰᠤ ᠶᠢᠨ ᠲᠢᠶᠠᠨ ᡂᠢ ᠨᠡᠶᠢᠭᠡᠮ ᠲᠣᠭᠤᠷᠢᠭ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠲᠤᠰ ᠠᠵᠢᠯᠯᠠᠭ᠎ᠠ ᠳᠤ᠂ ᠨᠡᠶᠢᠭᠡᠮ ᠲᠣᠭᠤᠷᠢᠭ ᠤᠨ ᠠᠵᠢᠯᠲᠠᠳ ᠨᠠᠰᠢ ᠴᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠪᠡ᠃ ᠪᠠᠰᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠳᠤᠷᠠᠨ ᠬᠠᠷᠢᠶ᠎ᠠ ᠣᠷᠣᠨ ᠤ ᠴᠢᠯᠤᠭᠡᠳᠣ ᠳᠡᠯᠭᠡᠭᠦᠷ᠂ ᠬᠤᠭᠤᠯᠠᠨ ᠬᠡᠷ ᠵᠡᠷᠭᠡ ᠲᠠᠯᠠᠪᠤᠷ ᠢᠶᠠᠷ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠵᠢᠭᠰᠠᠭᠠᠨ ᠪᠠᠶᠢᠴᠠᠭᠠᠵᠤ᠂ ᠬᠤᠭᠤᠴᠠᠭ᠎ᠠ ᠨᠢ ᠬᠡᠲᠦᠷᠡᠭᠰᠡᠨ ᠢᠳᠡᠭᠡᠨ ᠤᠮᠳᠠᠭᠠᠨ᠂ ︽ᠭᠤᠷᠪᠠ ᠥᠬᠡᠶ︾ ᠦᠢᠯᠡᠳᠭᠦᠨ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠶᠢᠨ ᠬᠠᠮᠲᠤ ᠬᠤᠳᠠᠯᠳᠤᠭᠠᠨ ᠤ ᠡᠷᠦᠬᠡ ᠨᠢᠭᠡᠪᠦᠷᠢ ᠳᠤ ᠢᠳᠡᠭᠡᠨ ᠤᠮᠳᠠᠭᠠᠨ ᠤ ᠠᠮᠤᠷ ᠲᠦᠪᠰᠢᠨ ᠤ ᠴᠢᠬᠤᠯᠠ ᠴᠢᠨᠠᠷ ᠢ ᠤᠬᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠤ ᠦᠵᠡᠯ ᠤᠬᠠᠮᠰᠠᠷ ᠪᠠ ᠰᠠᠭᠤᠭᠠᠯᠢ ᠠᠷᠠᠳ ᠤᠨ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠦᠵᠡᠯᠲᠡ ᠶᠢ ᠪᠦᠲᠦᠮᠵᠢᠲᠡᠶ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠵᠥᠪ ᠬᠡᠷᠡᠭᠯᠡᠭᠡᠨ ᠤ ᠦᠵᠡᠯᠲᠡ ᠪᠠ ᠡᠷᠬᠡ ᠪᠠᠨ ᠬᠠᠮᠠᠭᠠᠯᠠᠬᠤ ᠦᠵᠡᠯᠲᠡ ᠶᠢ ᠪᠣᠶ ᠪᠣᠯᠭᠠᠪᠠ᠃    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠡᠷᠡᠭᠯᠡᠭᠴᠢᠳ ᠤᠨ ᠡᠷᠬᠡ ᠠᠰᠢᠭ ᠵᠢᠴᠢ ᠬᠤᠯᠪᠣᠭᠳᠠᠯ ᠪᠥᠬᠦᠶ ᠬᠡᠷᠡᠭᠯᠡᠭᠡᠨ ᠤ ᠶᠡᠷᠦ ᠶᠢᠨ ᠮᠡᠳᠡᠯᠭᠡ ᠶᠢᠨ ᠲᠤᠬᠠᠶ ᠲᠠᠨᠢᠯᠲᠠ ᠶᠢ ᠨᠡᠮᠡᠭᠳᠡᠭᠦᠯᠵᠦ᠂ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠲᠢᠶᠠᠨ ᡂᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号