| ᠶᠡᠷᠦᠩᠬᠡᠶ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ | ᠥᠭᠦᠯᠡᠯᠲᠡ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠪᠥᠬᠦ ᠪᠠᠯᠭᠠᠰᠤᠨ ᠤ ᠣᠶ ᠰᠢᠭᠤᠶ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 13 ᠤ ᠡᠳᠦᠷ᠂ ᠷᠠᠰᠢᠶᠠᠨ ᠬᠤᠳᠠ ᠶᠢᠨ ᠡᠤ ᠴᠠ ᠭᠸᠦ ᠪᠠᠯᠭᠠᠰᠤ | 2025 ᠣᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠪᠠᠯᠭᠠᠰᠤᠨ ᠳᠠᠷᠤᠭ᠎ᠠ ᠵᠠᠩ ᠪᠦᠦ ᠯᠢᠶᠠᠩ ᠪᠥᠬᠦ ᠬᠤᠲᠠ ᠶᠢᠨ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠡᠯᠴᠢᠭᠡᠷᠯᠡᠭᠦᠯᠬᠦ ᠶᠢ ᠵᠤᠭᠰᠤᠭᠠᠬᠤ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠲᠠᠶᠢᠯᠪᠤᠷᠢᠯᠠᠬᠤ ᠶᠢᠨ ᠬᠠᠮᠲᠤ ᠪᠥᠬᠦ ᠪᠠᠯᠭᠠᠰᠤᠨ ᠤ | ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ ᠬᠠᠷᠠᠯᠲᠠ ᠪᠠ ᠡᠭᠦᠷᠭᠡ ᠶᠢ ᠲᠣᠳᠣᠷᠬᠠᠶᠢᠯᠠᠪᠠ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠲᠠᠬᠢᠨ ᠳᠡᠭᠡᠭᠰᠢᠯᠡᠭᠦᠯᠬᠦ ᠬᠡᠷᠡᠭᠲᠡᠢ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠪᠡᠯᠴᠢᠭᠡᠷᠯᠡᠭᠦᠯᠬᠦ ᠶᠢ ᠵᠤᠭᠰᠤᠭᠠᠬᠤ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠠ ᠪᠡᠯᠴᠢᠭᠡᠷ ᠤᠨ ᠲᠠᠭᠠᠭᠠᠴᠠ | ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ | ᠪᠡᠯᠴᠢᠭᠡᠷᠯᠡᠭᠦᠯᠬᠦ ᠶᠢ ᠵᠤᠭᠰᠤᠭᠠᠬᠤ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠡᠵᠢᠭᠡᠯ ᠡᠪᠡᠰᠦᠨ ᠤ ᠪᠠᠲᠤᠯᠠᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ ᠬᠤᠶᠠᠷ ᠲᠤ᠂ ᠬᠠᠷᠢᠭᠤᠴᠠᠯᠭ᠎ᠠ ᠪᠠᠨ ᠲᠠᠬᠢᠨ ᠪᠣᠳᠠᠲᠠᠶᠢᠵᠢᠭᠤᠯᠬᠤ ᠬᠡᠷᠡᠭᠲᠡᠢ᠃ ᠣᠯᠠᠨ | ᠵᠦᠢᠯ ᠤᠨ ᠬᠡᠯᠪᠡᠷᠢ ᠪᠠᠷ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠪᠡᠯᠴᠢᠭᠡᠷᠯᠡᠭᠦᠯᠬᠦ ᠶᠢ | ᠵᠤᠭᠰᠤᠭᠠᠬᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠥᠷᠭᠡᠨ ᠢᠶᠠᠷ ᠤᠯᠠᠮᠵᠢᠯᠠᠵᠤ᠂ ᠣᠯᠠᠨ | ᠲᠦᠮᠡᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠠᠵᠢᠯ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠠᠴᠠ ᠵᠥᠷᠢᠴᠡᠨ ᠬᠠᠭᠠᠯᠪᠤᠷᠢᠯᠠᠬᠤ ᠶᠢᠨ ᠬᠤᠤᠷ ᠬᠥᠨᠥᠭᠡᠯᠲᠦ ᠴᠢᠨᠠᠷ | ᠵᠢᠴᠢ ᠪᠡᠯᠴᠢᠭᠡᠷᠯᠡᠭᠦᠯᠬᠦ ᠶᠢ ᠵᠤᠭᠰᠤᠭᠠᠬᠤ ᠤᠬᠠᠭᠤᠯᠭ᠎ᠠ ᠶᠢ ᠤᠶᠠᠯᠳᠤᠭᠤᠯᠵᠤ᠂ ᠮᠠᠯᠴᠢᠨ ᠲᠠᠷᠢᠶᠠᠴᠢᠳ ᠢ ᠬᠥᠲᠥᠯᠦᠨ | ᠵᠢᠯᠣᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠵᠤᠭᠰᠤᠭᠠᠬᠤ᠂ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠠ | ᠪᠡᠯᠴᠢᠭᠡᠷ ᠤᠨ ᠲᠠᠭᠠᠭᠠᠴᠠ ᠠᠴᠠ ᠬᠡᠳᠤᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠲᠠᠢ | ᠤᠬᠠᠮᠰᠠᠷ ᠠᠴᠠ ᠪᠠᠨ ᠬᠠᠮᠵᠢᠯᠴᠠᠬᠤ ᠬᠡᠷᠡᠭᠲᠡᠶ᠃ ᠭᠤᠷᠪᠠ ᠳᠤ᠂ ᠠᠵᠢᠯ ᠢᠶᠠᠨ ᠲᠠᠬᠢᠨ ᠨᠠᠷᠢᠯᠢᠬᠵᠢᠭᠤᠯᠬᠤ ᠬᠡᠷᠡᠭᠲᠡᠢ᠃ | ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠣᠭᠤᠷᠢᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠭᠤᠣᠯᠳᠠᠯᠭ᠎ᠠ ᠲᠠᠢ ᠬᠠᠮᠢᠶᠠᠷᠴᠤ ᠬᠠᠮᠠᠭᠠᠯᠠᠬᠤ ᠣᠷᠣᠨ ᠪᠦᠰᠡ ᠳᠤ ᠴᠢᠭᠯᠡᠭᠦᠯᠦᠨ ᠳᠤᠭᠤᠶᠢᠯᠠᠩ | ᠬᠤᠪᠢᠶᠠᠨ ᠠᠵᠢᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠤᠯᠠᠭᠠᠶᠢᠯᠠᠨ ᠮᠠᠯᠵᠢᠬᠤ᠂ ᠰᠥᠨᠢ ᠪᠠᠷ | ᠮᠠᠯᠵᠢᠬᠤ ᠵᠡᠷᠭᠡ ᠦᠢᠯᠡ ᠠᠵᠢᠯᠯᠠᠭ᠎ᠠ ᠳᠤ ᠦᠷᠭᠦᠯᠵᠢᠯᠡᠨ ᠴᠢᠩᠭ᠎ᠠ ᠴᠣᠬᠢᠯᠲᠠ ᠥᠭᠴᠦ᠂ ᠪᠡᠯᠴᠢᠭᠡᠷᠯᠡᠭᠦᠯᠬᠦ ᠶᠢ | ᠵᠤᠭᠰᠤᠭᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃ | | | |