| | ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠬᠦᠷᠴᠦ ᠢᠷᠡᠬᠦ | ᠲᠠᠰᠢᠷᠠᠮ ᠢᠶᠠᠷ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠤ᠂ ᠬᠡᠷᠡᠭᠯᠡᠭᠡᠨ ᠤ ᠰᠠᠶᠢᠨ | ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠴᠤᠭᠴᠠᠯᠠᠬᠤ ᠶᠢᠨ ᠲᠥᠯᠥᠭᠡ᠂ ᠷᠠᠰᠢᠶᠠᠨ ᠬᠤᠳᠠ ᠶᠢᠨ ᠮᠢᠩ ᠱᠦᠶ | ᠾᠧ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠮᠢᠩ ᠱᠦᠶ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠠ᠃ | ᠲᠤᠰ ᠠᠵᠢᠯᠯᠠᠭ᠎ᠠ ᠳᠤ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠲᠠᠸᠠᠷ ᠤᠨ ᠶᠠᠰᠤ ᠴᠢᠨᠠᠷ᠂ ᠦᠨ᠎ᠡ | ᠬᠠᠩᠰᠢ ᠶᠢᠨ ᠮᠡᠬᠡᠯᠡᠯ᠂ ᠪᠣᠷᠣᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠵᠡᠷᠭᠡ ᠵᠠᠬ᠎ᠠ ᠳᠡᠯᠭᠡᠭᠦᠷ ᠤᠨ ᠬᠡᠷᠡᠭᠯᠡᠭᠡᠨ ᠤ | ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠵᠡᠩᠨᠡᠭᠴᠢᠳ ᠪᠠ ᠬᠡᠷᠡᠭᠯᠡᠭᠴᠢᠳ ᠲᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠪᠡ᠃ ᠠᠵᠢᠯᠳᠠᠳ ᠪᠠᠰᠠ ᠡᠵᠡᠩᠨᠡᠭᠴᠢᠳ ᠢ | ᠬᠠᠤᠯᠢ ᠶᠣᠰᠣᠭᠠᠷ ᠦᠨᠡᠨᠴᠢ ᠢᠲᠡᠭᠡᠮᠵᠢᠲᠡᠶ ᠪᠠᠷ ᠡᠵᠡᠩᠨᠡᠵᠤ᠂ ᠬᠠᠭᠤᠷᠮᠠᠭ ᠮᠠᠭᠤ ᠲᠠᠸᠠᠷ ᠪᠣᠷᠣᠯᠠᠭᠤᠯᠵᠤ ᠪᠣᠯᠬᠤ | ᠥᠬᠡᠶ᠂ ᠬᠤᠳᠠᠯ ᠬᠠᠭᠤᠷᠮᠠᠭ ᠢᠶᠠᠷ ᠤᠬᠠᠭᠤᠯᠬᠤ ᠪᠤᠶᠤ ᠦᠨ᠎ᠡ ᠬᠠᠩᠰᠢ ᠶᠢᠨ ᠮᠡᠬᠡᠯᠡᠯ ᠬᠢᠵᠦ ᠪᠣᠯᠬᠤ ᠥᠬᠡᠶ︔ | ᠬᠡᠷᠡᠭᠯᠡᠭᠴᠢᠳ ᠢ ᠲᠠᠸᠠᠷ ᠬᠤᠳᠠᠯᠳᠤᠨ ᠠᠪᠬᠤ ᠳᠠᠭᠠᠨ ᠲᠠᠸᠠᠷ ᠤᠨ ᠮᠡᠳᠡᠭᠡ ᠵᠠᠩᠭᠢ ᠶᠢ ᠨᠠᠷᠢᠨ ᠨᠢᠮᠪᠠᠶ ᠪᠠᠶᠢᠴᠠᠭᠠᠨ | ᠦᠵᠡᠵᠦ᠂ ᠪᠠᠷᠠᠭ᠎ᠠ ᠬᠤᠳᠠᠯᠳᠤᠨ ᠠᠪᠬᠤ ᠭᠡᠷᠡᠴᠢ ᠪᠠᠷᠢᠮᠲᠠ ᠪᠠᠨ ᠦᠯᠡᠳᠡᠭᠡᠵᠦ᠂ ᠠᠰᠠᠭᠤᠳᠠᠯ ᠲᠤᠯᠭᠠᠷᠠᠪᠠᠯ ᠴᠠᠭ | ᠲᠤᠬᠠᠶ ᠳᠤᠨᠢ ᠡᠷᠬᠡ ᠪᠠᠨ ᠬᠠᠮᠠᠭᠠᠯᠠᠬᠤ ᠬᠡᠷᠡᠭᠲᠡᠶ ᠭᠡᠵᠤ ᠰᠠᠨᠠᠭᠤᠯᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠡᠵᠡᠩᠨᠡᠭᠴᠢᠳ ᠪᠠ ᠬᠡᠷᠡᠭᠯᠡᠭᠴᠢᠳ ᠤᠨ ᠬᠠᠤᠯᠢ | ᠴᠠᠭᠠᠵᠠ ᠶᠢᠨ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠦᠨᠡᠨᠴᠢ ᠢᠲᠡᠭᠡᠮᠵᠢᠲᠡᠶ᠂ ᠲᠥᠪ ᠭᠤᠤᠯᠴᠢ | ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | |