ᠲᠢᠶᠠᠨ ᡂᠢ ᠪᠠᠯᠭᠠᠰᠤ ᠬᠠᠪᠤᠷ ᠤᠨ ᠤᠯᠠᠷᠢᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/18
       ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 10 ᠤ ᠡᠳᠦᠷ᠂ ᠷᠠᠰᠢᠶᠠᠨ ᠬᠤᠳᠠ ᠶᠢᠨ ᠲᠢᠶᠠᠨ ᡂᠢ ᠪᠠᠯᠭᠠᠰᠤᠨ ᠤ ᠳᠡᠳ᠋ ᠳᠠᠷᠤᠭ᠎ᠠ ᠫᠧᠩ ᠴᠠᠩ ᠴᠢᠩ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠲᠠᠨ ᠢ ᠳᠠᠭᠠᠭᠤᠯᠤᠨ᠂ ᠲᠢᠶᠠᠨ ᡂᠢ ᠪᠠᠯᠭᠠᠰᠤᠨ ᠤ ᠬᠠᠷᠢᠶ᠎ᠠ ᠲᠣᠭᠤᠷᠢᠭ ᠢᠶᠠᠷ ᠭᠦᠨᠵᠡᠭᠡᠶᠢᠷᠡᠨ ᠬᠠᠪᠤᠷ ᠤᠨ ᠤᠯᠠᠷᠢᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠤ᠂ ᠰᠠᠭᠤᠭᠠᠯᠢ ᠠᠷᠠᠳ ᠲᠤ ᠴᠡᠪᠡᠷ ᠴᠡᠮᠴᠡᠭᠡᠷ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃     ᠲᠣᠰ ᠤᠳᠠᠭᠠᠨ ᠤ ᠬᠠᠪᠤᠷ ᠤᠨ ᠤᠯᠠᠷᠢᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠳᠤ 22 ᠺᠠᠳ᠋ᠷ ᠠᠵᠢᠯᠲᠠᠨ ᠠᠵᠢᠯᠴᠢᠨ ᠤᠷᠤᠯᠴᠠᠵᠤ᠂  ᠨᠡᠶᠢᠲᠡ ᠬᠡᠳᠤᠨ ᠠᠷᠪᠠᠨ ᠲᠣᠨ ᠠᠷᠭᠠᠯ᠂ 10 ᠲᠣᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠪᠠᠷ ᠲᠢᠶᠠᠨ ᡂᠢ ᠪᠠᠯᠭᠠᠰᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠭᠤᠭᠠᠯᠢ ᠠᠷᠠᠳ ᠲᠤ ᠨᠡᠩ ᠭᠤᠶᠤ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃
 
ᠢᠷᠡᠯᠲᠡ᠄ ᠲᠢᠶᠠᠨ ᡂᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号