ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠤᠷᠢᠳᠴᠢᠯᠠᠨ | ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠶᠢᠨ ᠲᠥᠯᠥᠭᠡ᠂ ᠣᠶᠢᠷ᠎ᠠ ᠳᠤ᠂ ᠷᠠᠰᠢᠶᠠᠨ ᠬᠤᠳᠠ ᠶᠢᠨ ᠰᠢᠨ ᠴᠧᠩ | ᠵᠡᠭᠡᠯᠢ ᠶᠢᠨ ᠬᠠᠤᠯᠢ ᠴᠠᠭᠠᠵᠠ ᠶᠢᠨ ᠭᠠᠵᠠᠷ ᠬᠠᠷᠢᠶ᠎ᠠ ᠣᠷᠣᠨ ᠳᠤ ᠪᠠᠨ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠠᠵᠢᠯᠲᠠᠳ ᠣᠯᠠᠨ ᠲᠦᠮᠡᠨ ᠳᠤ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠨ | ᠥᠭᠴᠦ᠂ ᠣᠯᠠᠨ ᠲᠦᠮᠡᠨ ᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠳᠤ ᠢᠳᠡᠪᠬᠢᠲᠡᠶ | ᠣᠷᠣᠯᠴᠠᠬᠤ ᠶᠢ ᠵᠣᠷᠢᠭᠵᠢᠭᠤᠯᠵᠤ᠂ ᠥᠷᠭᠡᠨ ᠣᠯᠠᠨ ᠲᠦᠮᠡᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ | ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ᠂ ᠬᠠᠷᠭᠢᠰ ᠬᠦᠴᠦᠨ ᠢ | ᠢᠯᠡᠴᠢᠯᠡᠬᠦ᠂ ︽ᠠᠷᠤ ᠲᠠᠯ᠎ᠠ ᠶᠢᠨ ᠦᠮᠦᠭᠯᠡᠭᠴᠢ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠵᠣᠷᠢᠭᠲᠠᠶ ᠪᠠᠷ ᠢᠯᠡᠴᠢᠯᠡᠬᠦ ᠶᠢ ᠵᠣᠷᠢᠭᠵᠢᠭᠤᠯᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ | ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠭᠤᠯᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠣᠯᠠᠨ ᠲᠦᠮᠡᠨ ᠳᠤ ᠵᠣᠬᠢᠶᠠᠨ ᠪᠠᠶᠢᠭᠤᠯᠤᠯᠲᠠ ᠲᠠᠢ | ᠬᠠᠷ᠎ᠠ ᠪᠦᠯᠦᠭᠲᠡᠨ ᠬᠠᠷᠭᠢᠰ ᠬᠦᠴᠦᠨ ᠤ ᠨᠡᠶᠢᠭᠡᠮ ᠳᠤ ᠦᠵᠡᠭᠦᠯᠬᠦ ᠬᠤᠤᠷ ᠬᠥᠨᠥᠭᠡᠯ ᠢ ᠤᠯᠠᠮ ᠨᠢᠭᠡ ᠠᠯᠬᠤᠮ | ᠲᠣᠳᠣᠷᠬᠠᠶ ᠲᠠᠨᠢᠭᠤᠯᠬᠤ ᠶᠢᠨ ᠬᠠᠮᠳᠣ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ | ᠪᠠ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠮᠦᠨ ᠪᠦᠬᠦᠨ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠡᠮᠡᠴᠡᠯ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ | ᠪᠠᠶᠢᠨ᠎ᠠ᠃ | |