︽ᠪᠥᠬᠦ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠣᠶᠤᠨᠲᠦ 315 ᠲᠠᠪᠴᠠᠩ︾ ᠵᠢᠩᠬᠢᠨᠢ ᠪᠠᠷ ᠨᠡᠪᠲᠡᠷᠡᠵᠡᠢ
ᠨᠡᠶᠢᠲᠡᠯᠡᠭᠰᠡᠨ ᠴᠠᠭ᠄
2025/3/18
      ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠠᠴᠠ ᠪᠥᠬᠦ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠪᠠᠶᠢᠭᠤᠯᠤᠭᠰᠠᠨ ︽ᠪᠥᠬᠦ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠤᠨ ᠣᠶᠤᠨᠲᠦ 315 ᠲᠠᠪᠴᠠᠩ︾ ᠢ 3 ᠰᠠᠷ᠎ᠠ ᠶᠢᠨ 15 ᠤ ᠡᠳᠦᠷ ᠵᠢᠩᠬᠢᠨᠢ ᠪᠠᠷ ᠨᠡᠪᠲᠡᠷᠡᠭᠦᠯᠪᠡ᠃      ᠲᠠᠨᠢᠯᠴᠠᠭᠤᠯᠤᠭᠰᠠᠨ ᠢᠶᠠᠷ᠂ ᠡᠨᠡ ᠬᠦ ᠲᠠᠪᠴᠠᠩ ᠢ 2024 ᠣᠨ ᠤ 3 ᠰᠠᠷ᠎ᠠ ᠶᠢᠨ 15 ᠠᠴᠠ ᠡᠬᠢᠯᠡᠨ ᠲᠤᠷᠰᠢᠨ ᠠᠵᠢᠯᠯᠠᠭᠤᠯᠵᠤ᠂ ᠨᠢᠭᠡ ᠵᠢᠯ ᠤᠨ ᠲᠤᠷᠰᠢ ᠳᠠᠩᠰᠠᠯᠠᠭᠤᠯᠤᠭᠰᠠᠨ ᠬᠡᠷᠡᠭᠯᠡᠭᠴᠢ ᠨᠡᠶᠢᠲᠡ 702786 ᠬᠥᠮᠥᠨ ᠪᠠᠶᠢᠵᠤ᠂ ᠲᠠᠪᠴᠠᠩ ᠳᠤ ᠤᠷᠤᠵᠤ ᠰᠠᠭᠤᠨ ᠡᠵᠡᠩᠨᠡᠭᠴᠢ 42913 ᠪᠠᠶᠢᠵᠤ᠂ ᠬᠡᠷᠡᠭᠯᠡᠭᠴᠢᠳ ᠤᠨ ᠰᠦᠯᠵᠢᠶᠡᠨ ᠳᠡᠭᠡᠷᠡᠬᠢ ᠵᠠᠭᠠᠯᠳᠤᠯᠭ᠎ᠠ ᠪᠠ ᠯᠠᠪᠯᠠᠭ᠎ᠠ ᠶᠢ ᠨᠡᠶᠢᠲᠡ 585387 ᠬᠤᠪᠢ ᠭᠥᠯᠢᠶᠡᠨ ᠠᠪᠴᠦ᠂ ᠡᠭᠦᠨ ᠳᠤ ᠵᠠᠭᠠᠯᠳᠤᠯᠭ᠎ᠠ 576911 ᠬᠤᠪᠢ ᠪᠠᠶᠢᠵᠤ᠂ 510126 ᠬᠤᠪᠢ ᠶᠢ ᠨᠢ ᠨᠢᠭᠡᠨᠲᠡ ᠰᠶᠢᠳᠪᠦᠷᠢᠯᠡᠵᠦ᠂ ᠬᠡᠷᠡᠭᠯᠡᠭᠴᠢᠳ ᠲᠤ 4.1 ᠳ᠋ᠦᠩᠰᠢᠭᠤᠷ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠃      ᠲᠤᠷᠰᠢᠨ ᠠᠵᠢᠯᠯᠠᠭᠤᠯᠬᠤ ᠱᠠᠲᠤᠨ ᠳᠤ᠂ ᠲᠠᠪᠴᠠᠩ ᠨᠢ ᠬᠡᠷᠡᠭᠯᠡᠭᠴᠢᠳ ᠤᠨ ᠰᠦᠯᠵᠢᠶᠡᠨ ᠳᠡᠭᠡᠷᠡᠬᠢ ᠵᠠᠭᠠᠯᠳᠤᠯᠭ᠎ᠠ ᠶᠢ ᠰᠠᠭᠠᠳ ᠦᠭᠡᠢ ᠨᠡᠪᠲᠡᠷᠡᠭᠦᠯᠬᠦ᠂ ᠰᠦᠯᠵᠢᠶᠡᠨ ᠳᠡᠭᠡᠷᠡᠬᠢ ᠡᠶᠡᠳᠡᠭᠦᠯᠭᠡ ᠶᠢ ᠨᠡᠪᠲᠡᠷᠡᠭᠦᠯᠬᠦ᠂ ᠰᠦᠯᠵᠢᠶᠡᠨ ᠳᠡᠭᠡᠷᠡᠬᠢ ᠡᠶᠡᠳᠡᠭᠦᠯᠭᠡ ᠶᠢᠨ ᠶᠠᠪᠤᠴᠠ ᠶᠢ ᠨᠡᠪᠲᠡᠷᠡᠭᠦᠯᠬᠦ᠂ ᠣᠨᠴᠠᠭᠠᠶ ᠬᠡᠷᠡᠭ ᠢ ᠵᠠᠷᠯᠠᠨ ᠨᠡᠶᠢᠲᠡᠯᠡᠬᠦ ᠵᠡᠷᠭᠡ ᠴᠢᠳᠠᠮᠵᠢ ᠶᠢ ᠪᠡᠶᠡᠯᠡᠭᠦᠯᠵᠡᠢ᠃ ᠲᠠᠷᠠᠭᠠᠴᠢ ᠶᠢᠨ ᠠᠯᠬᠤᠮ ᠳᠤ᠂ ᠣᠶᠤᠨᠴᠢᠯᠠᠬᠤ ᠪᠠ ᠬᠠᠮᠲᠤ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ DeepSeek ᠤᠨ ᠬᠡᠷᠡᠭᠯᠡᠭᠴᠢᠳ ᠲᠤ ᠬᠠᠨᠳᠤᠭᠤᠯᠤᠭᠰᠠᠨ ᠣᠶᠤᠨᠴᠢ ᠠᠰᠠᠭᠤᠯᠲᠠ ᠬᠠᠷᠢᠭᠤᠯᠲᠠ ᠶᠢ ᠪᠡᠶᠡᠯᠡᠭᠦᠯᠬᠦ ᠶᠢ ᠪᠠᠶᠢᠷᠢᠯᠠᠭᠤᠯᠵᠤ᠂ ᠰᠢᠨ᠎ᠡ ᠪᠠᠷ ᠨᠡᠮᠡᠭᠳᠡᠭᠰᠡᠨ ᠠᠵᠢᠯ ᠲᠥᠷᠥᠯ ᠤᠨ ᠵᠠᠷᠯᠠᠯ᠂ ᠵᠢᠭᠠᠯᠲᠠ ᠲᠤᠭ᠎ᠠ ᠶᠢᠨ ᠵᠠᠷᠯᠠᠯ᠂ ᠬᠠᠮᠵᠢᠯᠴᠠᠨ ᠬᠠᠮᠲᠤ ᠪᠠᠷ ᠵᠠᠰᠠᠬᠤ ᠵᠡᠷᠭᠡ ᠴᠢᠳᠠᠮᠵᠢ ᠶᠢ ᠰᠢᠯᠢᠳᠡᠭᠵᠢᠭᠦᠯᠬᠦ ᠪᠤᠯᠤᠨ᠎ᠠ᠃      ᠠᠵᠢᠯ ᠲᠥᠷᠥᠯ ᠤᠨ ᠵᠠᠷᠯᠠᠯ ᠪᠠ ᠵᠢᠭᠠᠯᠲᠠ ᠲᠤᠭ᠎ᠠ ᠶᠢᠨ ᠵᠠᠷᠯᠠᠯ ᠪᠣᠯ ᠲᠤᠰ ᠤᠳᠠᠭᠠᠨ ᠤ ᠰᠢᠨ᠎ᠡ ᠪᠠᠷ ᠨᠡᠪᠲᠡᠷᠡᠭᠦᠯᠦᠭᠰᠡᠨ ᠴᠢᠳᠠᠮᠵᠢ ᠪᠠᠶᠢᠵᠤ᠂ ᠡᠵᠡᠩᠨᠡᠭᠴᠢᠳ ᠤᠨ ᠡᠶᠡᠳᠡᠬᠦᠯᠭᠡ ᠶᠢᠨ ᠱᠠᠲᠤᠨ ᠳᠠᠬᠢ ᠰᠶᠢᠳᠪᠦᠷᠢᠯᠡᠬᠦ ᠬᠦᠴᠦᠨ ᠲᠠᠢ ᠬᠤᠭᠤᠴᠠᠭ᠎ᠠ᠂ ᠡᠶᠡᠳᠡᠬᠦᠯᠭᠡ ᠶᠢᠨ ᠪᠦᠲᠦᠮᠵᠢ ᠶᠢᠨ ᠨᠣᠷᠮ᠎ᠠ ᠵᠢᠴᠢ ᠡᠶᠡᠳᠡᠭᠦᠯᠭᠡ ᠶᠢᠨ ᠱᠠᠲᠤᠨ ᠳᠠᠬᠢ ᠬᠠᠮᠵᠢᠯᠴᠠᠬᠤ ᠬᠡᠮᠵᠢᠶ᠎ᠡ᠂ ᠡᠶᠡᠳᠡᠭᠦᠯᠬᠡ ᠶᠢᠨ ᠪᠦᠲᠦᠮᠵᠢ ᠶᠢᠨ ᠨᠣᠷᠮ᠎ᠠ ᠵᠡᠷᠭᠡ ᠠᠳᠠᠯᠢ ᠪᠤᠰᠤ ᠦᠷᠭᠡᠴᠡ ᠳᠤ ᠬᠤᠪᠢ ᠥᠭᠴᠦ᠂ ᠵᠠᠭᠠᠯᠳᠤᠯᠭ᠎ᠠ ᠶᠢ ᠰᠶᠢᠳᠪᠦᠷᠢᠯᠡᠬᠦ ᠢᠯᠡᠳᠬᠡᠭᠴᠢ ᠶᠢᠨ ᠬᠤᠪᠢ ᠲᠣᠭᠲᠠᠭᠠᠬᠤ᠂ ᠠᠵᠢᠯ ᠲᠥᠷᠥᠯ ᠤᠨ ᠵᠢᠭᠰᠠᠭᠠᠯᠲᠠ ᠪᠠ ᠡᠵᠡᠩᠨᠡᠭᠴᠢ ᠶᠢᠨ ᠬᠦᠷᠦᠭ ᠵᠢᠷᠤᠭ ᠢ ᠪᠦᠷᠢᠯᠳᠦᠭᠦᠯᠵᠦ᠂ ᠢᠯᠡᠳᠬᠡᠭᠴᠢ ᠶᠢᠨ ᠬᠤᠪᠢ ᠲᠤᠭᠲᠠᠭᠠᠬᠤ ᠶᠢ ᠲᠤᠭᠲᠠᠭᠰᠠᠨ ᠴᠠᠭ ᠲᠤ ᠰᠢᠨᠡᠳᠬᠡᠬᠦ ᠪᠠᠷ ᠳᠠᠮᠵᠢᠭᠤᠯᠤᠨ᠂ ᠵᠠᠭᠠᠯᠳᠤᠯᠭ᠎ᠠ ᠨᠢᠭᠡᠪᠦᠷᠢ ᠶᠢ ᠡᠵᠡᠩᠨᠡᠭᠴᠢᠳ ᠤᠨ ᠢᠯᠡᠳᠬᠡᠭᠴᠢ ᠶᠢᠨ ᠬᠤᠪᠢ ᠲᠤᠭᠲᠠᠭᠠᠬᠤ ᠲᠠᠢ ᠨᠢᠭᠲᠠ ᠬᠤᠯᠪᠣᠵᠤ᠂ ᠡᠵᠡᠩᠨᠡᠭᠴᠢᠳ ᠤᠨ ᠵᠠᠭᠠᠯᠳᠤᠯᠭ᠎ᠠ ᠳᠤ ᠬᠢᠨᠠᠮᠠᠭᠠᠢ ᠬᠠᠨᠳᠤᠬᠤ ᠪᠠ ᠵᠣᠬᠢᠰᠲᠠᠢ ᠰᠶᠢᠳᠪᠦᠷᠢᠯᠡᠬᠦ ᠶᠢ ᠭᠡᠳᠡᠷᠭᠦ ᠰᠢᠬᠠᠮᠳᠠᠭᠤᠯᠵᠤ᠂ ᠬᠡᠷᠡᠭᠯᠡᠭᠴᠢᠳ ᠲᠤ ᠡᠵᠡᠩᠨᠡᠭᠴᠢᠳ ᠤᠨ ᠵᠠᠭᠠᠯᠳᠤᠯᠭ᠎ᠠ ᠶᠢ ᠰᠶᠢᠳᠪᠦᠷᠢᠯᠡᠭᠰᠡᠨ ᠪᠠᠶᠢᠳᠠᠯ ᠢ ᠣᠶᠢᠯᠠᠭᠠᠭᠤᠯᠵᠤ᠂ ᠪᠦᠲᠦᠮᠵᠢᠲᠡᠢ ᠪᠠᠶᠢᠳᠠᠯ ᠢ ᠮᠡᠳᠡᠭᠦ᠂ ᠪᠡᠶ᠎ᠡ ᠪᠠᠨ ᠳᠠᠭᠠᠭᠠᠵᠤ ᠬᠡᠷᠡᠭᠯᠡᠭᠡ ᠬᠢᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠪᠣᠯᠣᠨ᠎ᠠ᠃      ᠬᠡᠷᠡᠭᠯᠡᠭᠴᠢᠳ ᠺᠣᠮᠫᠢᠦ᠋ᠲ᠋ᠧᠷ ᠢᠶᠠᠷ ᠳᠠᠮᠵᠢᠨ ᠰᠦᠯᠵᠢᠶᠡᠨ ᠤ ᠬᠠᠶ᠋ᠢᠭ ᠪᠤᠶᠤ ᠭᠠᠷ ᠤᠲᠠᠰᠤ ᠪᠠᠷ ᠳᠠᠮᠵᠢᠨ ᠵᠢᠷᠭᠢᠶ᠎ᠡ᠂ ᡁᠢ ᠹᠦ᠋ ᠪᠤᠤ ᠪᠠᠷ ᠳᠠᠮᠵᠢᠭᠤᠯᠤᠨ ︽ᠬᠡᠷᠡᠭᠯᠡᠭᠴᠢᠳ ᠤᠨ ᠨᠡᠶᠢᠭᠡᠮᠯᠢᠭ 315︾ ᠵᠢᠵᠢᠭ ᠫᠷᠣᠭ᠍ᠷᠠᠮ ᠤᠨ ᠳᠠᠩᠰᠠᠯᠠᠯᠲᠠ ᠶᠢᠨ ᠲᠠᠪᠴᠠᠩ ᠢ ᠬᠠᠶᠢᠵᠤ ᠪᠣᠯᠣᠨ᠎ᠠ᠃ ᠳᠠᠩᠰᠠᠯᠠᠭᠤᠯᠵᠤ ᠨᠡᠪᠲᠡᠷᠡᠭᠰᠡᠨ ᠤ ᠳᠠᠷᠠᠭ᠎ᠠ᠂ ︽ᠪᠢ ᠵᠠᠭᠠᠯᠳᠤᠨ᠎ᠠ︾᠂ ︽ᠪᠢ ᠯᠠᠪᠯᠠᠭ᠎ᠠ ᠬᠢᠨ᠎ᠠ︾ ᠬᠡᠰᠡᠭ ᠲᠤ ᠤᠷᠤᠵᠦ ᠰᠦᠯᠵᠢᠶᠡᠨ ᠳᠡᠭᠡᠷ᠎ᠡ ᠵᠠᠭᠠᠯᠳᠤᠬᠤ ᠪᠠ ᠠᠰᠠᠭᠤᠨ ᠯᠠᠪᠯᠠᠵᠤ᠂ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡ ᠶᠢ ᠣᠶᠢᠯᠠᠭᠠᠵᠤ ᠪᠣᠯᠣᠨ᠎ᠠ᠃ ᠲᠠᠪᠴᠠᠩ ᠳᠤ ᠪᠠᠰᠠ ︽ᠬᠡᠷᠡᠭᠯᠡᠭᠴᠢᠳ ᠤᠨ ᠨᠡᠶᠢᠭᠡᠮᠯᠢᠭ ᠲᠠᠨ ᠢ ᠬᠠᠪᠰᠤᠷᠤᠨ ᠪᠠᠶᠢᠴᠠᠭᠠᠨ᠎ᠠ︾᠂ ︽ᠬᠡᠷᠡᠭᠯᠡᠭᠴᠢᠳ ᠤᠨ ᠨᠡᠶᠢᠭᠡᠮᠯᠢᠭ ᠲᠠᠨ ᠢ ᠬᠠᠪᠰᠤᠷᠤᠨ ᠰᠤᠩᠭᠤᠨ᠎ᠠ︾ ᠵᠡᠷᠭᠡ ᠬᠡᠰᠡᠭ ᠢ ᠲᠤᠬᠢᠷᠠᠭᠤᠯᠵᠤ᠂ ᠬᠡᠷᠡᠭᠯᠡᠭᠴᠢᠳ ᠲᠤ ᠠᠵᠤ ᠠᠬᠤᠶᠢᠯᠠᠯ ᠤᠨ ᠦᠢᠯᠡᠴᠢᠯᠡᠭᠡᠨ ᠤ ᠬᠠᠷᠢᠯᠴᠠᠬᠤ ᠠᠷᠭ᠎ᠠ ᠬᠡᠯᠪᠡᠷᠢ᠂ ᠲᠠᠸᠠᠷ ᠤᠨ ᠬᠠᠷᠢᠴᠠᠭᠤᠯᠤᠭᠰᠠᠨ ᠲᠤᠷᠰᠢᠯᠲᠠ ᠶᠢᠨ ᠦᠷ᠎ᠡ ᠳ᠋ᠦᠩ ᠵᠡᠷᠭᠡ ᠰᠤᠷᠠᠭ ᠵᠠᠩᠭᠢ ᠶᠢ ᠬᠠᠩᠭᠠᠵᠤ ᠪᠠᠶᠢᠨ᠎ᠠ᠃ 
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号