| — ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠳᠠ ᠶᠢᠨ ᠲᠠᠷᠤᠭ᠎ᠠ ᠡᠷᠬᠢᠮᠳᠦ ᠶᠢ | ᠰᠤᠷᠪᠤᠯᠵᠢᠯᠠᠭᠰᠠᠨ ᠨᠢ | 2024 ᠣᠨ ᠳᠤ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠷᠠᠰᠢᠶᠠᠨ ᠬᠤᠳᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠡᠷᠡᠯᠭᠡᠭᠯᠡᠨ ᠤᠷᠤᠭᠰᠢᠯᠠᠵᠦ᠂ | ᠪᠦᠬᠦ ᠣᠷᠣᠨ ᠤ ᠠᠩᠬᠠᠳᠠᠭᠴᠢ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠳᠠ ᠶᠢᠨ ᠤᠷᠤᠨ ᠢ ᠠᠮᠵᠢᠯᠳᠠ ᠲᠠᠢ | ᠪᠠᠶᠢᠭᠤᠯᠵᠦ᠂ ᠪᠦᠬᠦ ᠵᠢᠯ ᠳᠤ 576.6 ᠲᠦᠮᠡᠨ ᠵᠢᠭᠤᠯᠴᠢᠯᠠᠭᠴᠢ ᠶᠢ ᠬᠦ᠋ᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ | 73.66 ᠳ᠋ᠦᠩᠰᠢᠭᠤᠷ ᠲᠥᠭᠦᠷᠢᠭ ᠲᠤ ᠬᠦᠷᠴᠦ᠂ 2014 ᠣᠨ ᠤ ᠬᠢ ᠠᠴᠠ ᠲᠤᠰ ᠲᠤᠰ 191.42%᠂ 183. | 42% ᠢᠶᠠᠷ ᠨᠡᠮᠡᠭᠳᠡᠵᠦ᠂ ᠵᠢᠭᠤᠯᠴᠢᠯᠠᠯ ᠤᠨ ᠰᠢᠨ᠎ᠡ ᠬᠠᠭᠤᠳᠠᠰᠦ ᠶᠢ ᠪᠢᠴᠢᠭᠯᠡᠵᠡᠢ᠃ | 2025 ᠣᠨ ᠳᠤ᠂ ᠷᠠᠰᠢᠶᠠᠨ ᠬᠤᠳᠠ ᠠᠴᠠ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠶᠠᠷ ᠱᠠᠳᠤᠨ ᠤ ︽ | ᠵᠢᠷᠭᠤᠭᠠᠨ ᠠᠵᠢᠯᠯᠠᠭ᠎ᠠ︾ ᠶᠢᠨ ᠲᠤᠬᠠᠢ ᠳᠤᠬᠢᠷᠠᠭᠤᠯᠤᠯᠳᠠ ᠪᠠᠶᠢᠷᠢᠯᠠᠭᠤᠯᠤᠯᠲᠠ ᠶᠢ ᠬᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ᠂ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠦ᠂ ᠨᠠᠶᠢᠳᠠᠪᠤᠷᠢᠵᠢᠭᠤᠯᠤᠯᠳᠠ ᠶᠢ ᠬᠦᠴᠦᠳᠡᠢ | ᠠᠳᠬᠤᠵᠦ᠂ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠬᠦ ᠪᠣᠯᠤᠨ᠎ᠠ᠃ ᠨᠢᠭᠡ ᠳᠤ᠂ ᠴᠢᠬᠤᠯᠠ ᠶᠡᠭᠡ ᠲᠦᠷᠦᠯ | ᠵᠦᠢᠯ ᠢ ᠲᠥᠰᠦᠪᠯᠡᠬᠦ ᠠᠵᠢᠯᠯᠠᠭ᠎ᠠ ᠪᠠᠷ ᠵᠢᠯᠤᠭᠤᠳᠤᠮᠵᠢ ᠪᠤᠯᠭᠠᠵᠦ᠂ ︽ᠠᠷᠪᠠᠨ ᠲᠠᠪᠤᠳᠤᠭᠠᠷ ᠲᠠᠪᠤᠨ ᠵᠢᠯ ᠤᠨ | ᠲᠥᠯᠥᠪᠵᠢᠭᠦᠯᠭᠡ︾ ᠶᠢᠨ ᠴᠢᠬᠤᠯᠠ ᠶᠡᠭᠡ ᠲᠦᠷᠦᠯ ᠵᠦᠢᠯ ᠢ 190 ᠲᠦᠯᠦᠪᠵᠢᠬᠦᠯᠦᠨ ᠨᠦᠭᠡᠴᠡᠯᠡᠵᠦ᠂ ᠵᠢᠭᠤᠯᠴᠢᠯᠠᠯ᠂ | ᠵᠠᠮ ᠬᠠᠷᠢᠯᠴᠠᠭ᠎ᠠ ᠵᠡᠷᠭᠡ ᠵᠢᠭᠤᠯᠴᠢᠯᠠᠯ ᠤᠨ ᠦᠢᠯᠡᠰ ᠲᠠᠢ ᠬᠤᠯᠪᠤᠭᠳᠠᠬᠤ 64 ᠲᠦᠷᠦᠯ ᠵᠦᠢᠯ ᠢ ᠪᠦᠬᠦ ᠬᠦᠴᠦᠨ ᠢᠶᠠᠷ ᠢᠶᠠᠨ | ᠬᠡᠷᠡᠭᠵᠢᠭᠦᠯᠵᠦ᠂ 5 ᠰᠠᠷ᠎ᠠ ᠶᠢᠨ ᠰᠡᠭᠦᠯᠴᠢ ᠠᠴᠠ ᠡᠮᠦᠨ᠎ᠡ 90% ᠠᠴᠠ ᠲᠡᠭᠡᠭᠰᠢ ᠲᠦᠷᠦᠯ ᠵᠦᠢᠯ ᠤᠨ ᠠᠵᠢᠯ ᠢ | ᠡᠬᠢᠯᠡᠬᠦᠯᠬᠦ ᠪᠠᠷ ᠴᠢᠷᠮᠠᠶᠢᠨ᠎ᠠ᠃ ᠬᠤᠶᠠᠷ ᠲᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠭᠤᠣᠯ ᠪᠣᠯᠭᠠᠨ᠂ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠵᠢᠴᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠶᠢᠯᠢ ᠶᠢ ᠬᠦᠩᠭᠡᠯᠡᠵᠦ ᠰᠦᠢᠳᠭᠡᠯ ᠢ ᠪᠠᠭᠤᠷᠠᠭᠤᠯᠬᠤ ᠵᠡᠷᠭᠡ ᠠᠵᠦ | ᠠᠬᠤᠶᠢᠯᠠᠯ ᠳᠤ ᠠᠰᠢᠭᠳᠠᠢ ᠲᠦᠷᠦ ᠶᠢᠨ ᠪᠤᠳᠤᠯᠭ᠎ᠠ ᠶᠢ ᠤᠨᠢᠨ ᠲᠡᠭᠡᠷ᠎ᠠ ᠨᠢ ᠨᠠᠶᠢᠳᠠᠪᠤᠷᠢᠵᠢᠭᠤᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠲᠤᠭ᠎ᠠ ᠬᠡᠮᠵᠢᠶ᠎ᠡ ᠶᠢ 5% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠭᠤᠷᠪᠠ ᠳᠤ᠂ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠪᠠᠷ ᠬᠦᠴᠦᠯᠡᠬᠦ ᠴᠡᠭ ᠪᠤᠯᠭᠠᠵᠦ᠂ ᠭᠠᠵᠠᠷ ᠤᠷᠤᠨ ᠤ ᠪᠠᠶᠢᠳᠠᠯ ᠳᠠᠭᠠᠨ | ᠲᠤᠬᠢᠷᠠᠭᠤᠯᠤᠨ ᠨᠡᠶᠢᠭᠡᠮ ᠲᠣᠭᠤᠷᠢᠭ ᠤᠨ ᠵᠢᠵᠢᠭ ᠦᠢᠯᠡᠳᠪᠦᠷᠢ᠂ ᠠᠮᠢᠳᠤᠯᠢᠭ ᠠᠵᠢᠯ ᠣᠯᠭᠤᠯᠲᠠ ᠶᠢᠨ ᠦᠢᠯᠡᠳᠪᠦᠷᠢ ᠶᠢᠨ | ᠲᠠᠰᠤᠭ ᠵᠡᠷᠭᠡ ᠶᠢ ᠰᠠᠶᠢᠳᠤᠷ ᠬᠦᠭᠵᠢᠬᠦᠯᠵᠦ᠂ ᠠᠵᠢᠯᠴᠢᠨ ᠬᠡᠷᠡᠭᠯᠡᠬᠦ ᠬᠡᠷᠡᠭᠴᠡᠭᠡ ᠶᠢ ᠥᠷᠭᠡᠳᠭᠡᠨ᠂ ᠥᠪᠡᠷᠮᠢᠴᠡ | ᠣᠨᠴᠠᠯᠢᠭ ᠲᠠᠢ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠪᠤᠢ ᠪᠣᠯᠭᠠᠵᠤ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠲᠤᠳᠤᠷ᠎ᠠ ᠬᠢᠵᠠᠭᠠᠷᠯᠠᠬᠤ ᠶᠢ ᠦᠨᠡᠨ ᠬᠦ ᠪᠠᠳᠤᠯᠠᠨ᠎ᠠ᠃ | ᠲᠦᠷᠪᠡ ᠳᠤ᠂ ᠤᠰᠤ ᠠᠷᠪᠢᠯᠠᠬᠤ ᠠᠵᠢᠯᠯᠠᠭ᠎ᠠ ᠪᠠᠷ ᠭᠠᠷᠳᠠᠴᠠ ᠪᠣᠯᠭᠠᠨ᠂ ᠣᠷᠣᠨ ᠪᠦᠰᠡ ᠶᠢᠨ ᠤᠰᠤ ᠬᠡᠷᠡᠭᠯᠡᠬᠦ ᠶᠡᠷᠦᠩᠬᠡᠶ | ᠬᠡᠮᠵᠢᠶ᠎ᠡ ᠪᠠ ᠬᠦᠴᠦᠯᠡᠴᠡ ᠶᠢᠨ ᠬᠤᠤᠰ ᠬᠢᠵᠠᠭᠠᠷᠯᠠᠯ ᠢ ᠬᠡᠷᠡᠭᠵᠢᠬᠦᠯᠵᠦ᠂ ᠠᠵᠤ ᠦᠢᠯᠡᠳᠪᠦᠷᠢ ᠲᠠᠷᠢᠶᠠᠯᠠᠩ᠂ | ᠦᠢᠯᠡᠳᠪᠦᠷᠢᠯᠡᠯ ᠠᠮᠢᠳᠤᠷᠠᠯ ᠤᠨ ᠤᠰᠤ ᠠᠷᠪᠢᠯᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠵᠢᠯ ᠤᠨ ᠤᠰᠤ | ᠬᠡᠷᠡᠭᠯᠡᠬᠦ ᠬᠡᠮᠵᠢᠶ᠎ᠡ ᠶᠢ 0.26 ᠳ᠋ᠦᠩᠰᠢᠭᠤᠷ ᠪᠣᠰᠤᠭ᠎ᠠ ᠲᠡᠭᠰᠢ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠬᠤ ᠶᠢ | ᠦᠨᠡᠨ ᠬᠦ ᠪᠠᠲᠤᠯᠠᠨ᠎ᠠ᠃ ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠦᠨᠵᠡᠭᠡᠶᠢᠷᠡᠬᠦᠯᠬᠦ ᠠᠵᠢᠯᠯᠠᠭ᠎ᠠ ᠪᠠᠷ | ᠲᠤᠯᠭᠠᠭᠤᠷᠢᠯᠠᠯ ᠪᠣᠯᠭᠠᠵᠤ᠂ ᠴᠢᠨᠠᠷ ᠰᠠᠶᠢᠲᠠᠢ ᠲᠠᠷᠢᠶᠠᠯᠠᠩ ᠤᠨ ᠣᠨᠴᠠ ᠭᠠᠷᠤᠯᠲᠠ ᠶᠢ ᠪᠡᠭᠡᠵᠢᠩ ᠳᠤ ᠤᠷᠤᠭᠤᠯᠤᠨ | ᠦᠵᠡᠭᠦᠯᠦᠯᠭᠡ ᠶᠢᠨ ᠲᠠᠪᠴᠠᠩ ᠳᠤ ᠭᠠᠷᠭᠠᠨ᠂ ᠪᠡᠭᠡᠵᠢᠩ ᠳᠠᠬᠢ ᠪᠤᠷᠤᠯᠠᠭᠤᠯᠭ᠎ᠠ ᠶᠢᠨ ᠬᠡᠪᠴᠢᠶ᠎ᠡ ᠶᠢ ᠦᠷᠭᠡᠳᠭᠡᠨ᠎ᠡ᠃ | ᠪᠣᠭᠤᠮᠲᠠ ᠶᠢᠨ ᠵᠢᠯ ᠲᠤᠷᠰᠢ ᠨᠡᠭᠡᠭᠡᠯᠲᠡ ᠬᠢᠬᠦ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠵᠡᠷᠭᠡ | ᠭᠤᠤᠯᠳᠠᠯᠭ᠎ᠠ ᠲᠠᠢ ᠤᠴᠢᠷ ᠶᠠᠪᠤᠳᠠᠯ ᠢ ᠲᠦᠷᠭᠡᠳᠭᠡᠨ ᠠᠬᠢᠭᠤᠯᠵᠤ᠂ ᠬᠢᠩᠭᠠᠨ ᠠᠶᠢᠮᠠᠭ ᠤᠨ ︽ᠤᠮᠠᠷᠠᠰᠢ ᠨᠡᠭᠡᠭᠡᠯᠳᠡ ᠬᠢᠬᠦ | ᠴᠢᠬᠤᠯᠠ ᠪᠠᠬᠢᠯᠡᠯᠳᠡ︾ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠵᠢᠷᠭᠤᠭ᠎ᠠ ᠳᠤ᠂ ᠤᠮᠠᠷᠠᠳᠦ ᠬᠢᠯᠢ ᠶᠢᠨ | ᠰᠤᠶᠤᠯ ᠤᠨ ᠪᠠᠶᠢᠭᠤᠯᠤᠯᠳᠠ ᠶᠢ ᠲᠡᠭᠡᠭᠰᠢᠯᠡᠬᠦᠯᠬᠦ ᠠᠵᠢᠯᠯᠠᠭ᠎ᠠ ᠪᠠᠷ ᠵᠢᠯᠤᠭᠤᠳᠤᠮᠵᠢ ᠪᠤᠯᠭᠠᠵᠦ᠂ ︽ᠲᠤᠮᠤᠭᠳᠦ ᠷᠠᠰᠢᠶᠠᠨ︾ | ᠤ ᠤᠨᠴᠠᠯᠢᠬᠳᠤ ᠪᠦᠲᠦᠭᠡᠭᠳᠡᠬᠦᠨ ᠢ ᠲᠡᠬᠦᠯᠳᠡᠷᠵᠢᠬᠦᠯᠦᠨ ᠲᠡᠭᠡᠭᠰᠢᠯᠡᠬᠦᠯᠵᠦ᠂ ︽ᠤᠷᠢᠨ ᠳᠤᠯᠠᠭᠠᠨ ᠷᠠᠰᠢᠶᠠᠨ︾ ᠤ | ᠦᠢᠯᠡᠴᠢᠯᠡᠭᠡᠨ ᠤ ᠲᠦᠷᠦᠯ ᠲᠡᠮᠳᠡᠭ ᠢ ᠦᠷᠭᠦᠯᠵᠢᠯᠡᠨ ᠡᠭᠦᠳᠴᠦ᠂ ᠷᠠᠰᠢᠶᠠᠨ ᠤ ᠦᠯᠢᠭᠡᠷ ᠢ ᠰᠠᠶᠢᠲᠤᠷ ᠶᠠᠷᠢᠵᠤ᠂ | ᠷᠠᠰᠢᠶᠠᠨ ᠤ ᠲᠠᠭᠤᠨ ᠢ ᠳᠠᠮᠵᠢᠭᠤᠯᠤᠨ᠎ᠠ᠃ | · ᠰᠢᠤᠢ ᠵᠢᠶᠠ ᠯᠢᠩ ᠯᠢᠦ ᠰᠢᠨ ᠷᠠᠨ · |