| ᠤᠶᠢᠷ᠎ᠠ ᠶᠢᠨ ᠵᠢᠯ ᠳᠤ᠂ ᠵᠢᠭᠤᠯᠴᠢᠯᠡᠯ ᠤᠨ ᠵᠠᠬ᠎ᠠ ᠳᠡᠯᠭᠡᠭᠦᠷ ᠢ ᠬᠦᠭᠵᠢᠶᠡᠠᠳᠡᠢ ᠪᠤᠯᠭᠠᠵᠤ᠂ | ᠵᠢᠭᠤᠯᠴᠢᠯᠠᠬᠴᠢᠳ ᠤᠨ ᠠᠩᠬᠠᠷᠦᠯ ᠢ ᠲᠠᠳᠠᠬᠤ ᠶᠢᠨ ᠲᠦᠯᠦᠭᠡ᠂ ᠷᠠᠰᠢᠶᠠᠨ ᠤ ᠵᠢᠭᠤᠯᠴᠢᠯᠡᠯ ᠤᠨ ᠦᠵᠡᠮᠵᠢ ᠶᠢᠨ | ᠣᠷᠣᠨ ︽ᠲᠡᠷᠢᠭᠦᠨ ᠤ ᠡᠩᠨᠡᠭᠡ ᠶᠢ ᠪᠠᠶᠢᠭᠤᠯᠬᠤ᠂ ᠲᠡᠷᠢᠭᠦᠨ ᠤ ᠬᠠᠮᠢᠶᠠᠷᠤᠯᠲᠠ ᠶᠢ ᠭᠡᠷᠡᠭᠵᠢᠭᠦᠯᠬᠦ᠂ ᠲᠡᠷᠢᠭᠦᠨ ᠤ | ᠦᠢᠯᠡᠴᠢᠯᠡᠭᠡᠨ ᠬᠠᠩᠭᠠᠬᠤ᠂ ᠲᠡᠷᠢᠭᠦᠨ ᠤ ᠦᠵᠡᠮᠵᠢ ᠶᠢᠨ ᠣᠷᠣᠨ ᠢ ᠡᠭᠦᠳᠬᠦ︾ ᠪᠠᠷ ᠬᠠᠷᠠᠯᠲᠠ ᠪᠣᠯᠭᠠᠨ᠂ | ᠤᠶᠢᠯᠡᠴᠢᠯᠡᠭᠡᠨ ᠤ ᠶᠠᠰᠦ ᠴᠢᠨᠠᠷ ᠢᠶᠠᠨ ᠲᠠᠰᠦᠷᠠᠯᠲᠠ ᠦᠭᠡᠢ ᠳᠡᠭᠡᠭᠰᠢᠯᠡᠭᠦᠯᠵᠦ᠂ ᠵᠢᠭᠤᠯᠴᠢᠯᠡᠯ ᠤᠨ ᠤᠶᠢᠯᠡᠰ ᠢᠶᠠᠨ | ᠯᠠᠪᠳᠠᠭᠤᠨ ᠪᠠᠲᠦᠲᠠᠢ ᠠᠬᠢᠭᠤᠯᠵᠦ ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠷᠠᠰᠢᠶᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ︽ | ᠦᠢᠯᠡᠴᠢᠯᠡᠭᠡᠨ ᠤ ᠶᠠᠰᠤ ᠴᠢᠨᠠᠷ ᠢᠶᠠᠨ ᠲᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ︾ ᠶᠢᠨ ᠴᠢᠬᠤᠯᠠ ᠴᠢᠨᠠᠷ ᠢ | ᠭᠦᠢᠴᠡᠳ ᠲᠠᠨᠢᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠰᠬᠠᠶ ᠬᠤᠷᠠᠯ ᠬᠢᠬᠦ᠂ | ᠪᠥᠬᠦ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠡᠷᠬᠢᠯᠡᠬᠦ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠮᠥᠷᠤᠶᠢᠴᠡᠭᠡᠨ ᠬᠢᠬᠦ ᠵᠡᠷᠭᠡ ᠠᠵᠢᠯᠯᠠᠭ᠎ᠠ ᠦᠷᠨᠢᠭᠦᠯᠵᠦ᠂ ᠵᠢᠭᠤᠯᠴᠢᠯᠠᠬᠴᠢᠳ ᠢ ᠰᠡᠳᠬᠢᠯ | ᠬᠠᠨᠤᠮᠵᠢᠲᠠᠶ ᠪᠣᠯᠭᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢᠶᠠᠨ ᠰᠢᠯᠢᠳᠡᠭᠵᠢᠭᠦᠯᠵᠦ᠂ ᠪᠥᠬᠦ | ᠠᠵᠢᠯᠲᠠᠨ ᠠᠵᠢᠯᠴᠢᠨ ᠤ ᠦᠢᠯᠡᠴᠢᠯᠡᠭᠡᠨ ᠤ ᠦᠵᠡᠯ ᠤᠬᠠᠮᠰᠠᠷ ᠢ ᠲᠠᠰᠤᠷᠠᠯᠲᠠ ᠥᠬᠡᠶ ᠲᠡᠭᠡᠭᠰᠢᠯᠡᠭᠦᠯᠵᠦ᠂ | ᠵᠢᠭᠤᠯᠴᠢᠯᠠᠬᠴᠢᠳ ᠲᠤ ᠰᠢᠯᠢᠳᠡᠭ ᠤᠶᠢᠯᠡᠴᠢᠯᠡᠭᠡ ᠬᠠᠨᠭ᠍ᠭᠠᠵᠦ ᠪᠠᠶᠢᠨ᠎ᠠ᠃ | ᠷᠠᠰᠢᠶᠠᠨ ᠬᠤᠳᠠ ᠪᠠᠰᠠ ᠵᠢᠭᠤᠯᠴᠢᠯᠠᠬᠴᠢᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | ᠦᠵᠡᠮᠵᠢ ᠶᠢᠨ ᠣᠷᠣᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠲᠦᠷᠢᠮ ᠪᠠ | ᠠᠵᠢᠯ ᠤᠨ ᠲᠠᠷᠠᠭᠠᠯᠠᠯ ᠢᠶᠠᠨ ᠨᠠᠷᠢᠯᠢᠬᠵᠢᠭᠤᠯᠵᠦ᠂ ᠪᠥᠬᠦ ᠠᠵᠢᠯᠲᠠᠨ᠂ ᠪᠥᠬᠦ ᠶᠠᠪᠤᠴᠠ᠂ ᠪᠥᠬᠦ ᠣᠷᠣᠨ ᠵᠠᠶ ᠶᠢᠨ | ᠦᠢᠯᠡᠴᠢᠯᠡᠭᠡᠨ ᠬᠠᠩᠭᠠᠨ᠂ ᠵᠢᠭᠤᠯᠴᠢᠯᠠᠬᠴᠢᠳ ᠤᠨ ᠬᠦᠷᠢᠶᠡᠯᠡᠯ ᠢ ᠤᠯᠵᠦ ᠪᠤᠢ᠃ ᠡᠭᠦᠨ ᠤ ᠬᠠᠮᠲᠦ ᠪᠣᠯᠪᠠᠰᠤᠷᠠᠯ | ᠡᠷᠭᠢᠯᠡᠵᠦ ᠦᠢᠯᠡᠴᠢᠯᠡᠭᠡᠨ ᠤ ᠶᠠᠰᠤ ᠴᠢᠨᠠᠷ ᠤᠨ ᠦᠵᠡᠮᠵᠢ ᠶᠢᠨ ᠣᠷᠣᠨ ᠤ ᠠᠯᠤᠰ ᠬᠡᠲᠦ ᠶᠢᠨ ᠬᠥᠭᠵᠢᠯᠲᠡ ᠳᠤ | ᠦᠵᠡᠭᠦᠯᠬᠦ ᠰᠢᠢᠳᠪᠦᠷᠢᠯᠡᠭᠴᠢ ᠠᠴᠢ ᠬᠤᠯᠪᠣᠭᠳᠠᠯ ᠢ ᠪᠥᠬᠦ ᠠᠵᠢᠯᠲᠠᠨ ᠠᠵᠢᠯᠴᠢᠨ ᠳᠠᠭᠠᠨ ᠭᠦᠢᠴᠡᠳ ᠲᠠᠨᠢᠭᠤᠯᠵᠤ᠂ | ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ ᠪᠠᠶᠢᠨ᠎ᠠ᠃ | ᠷᠠᠰᠢᠶᠠᠨ ᠬᠤᠲᠠ ᠪᠠᠰᠠ ᠮᠡᠳᠡᠭᠡ ᠵᠠᠩᠭᠢ ᠶᠢ ᠨᠡᠪᠲᠡᠷᠡᠯᠴᠡᠭᠦᠯᠵᠦ ᠬᠠᠷᠢᠭᠤ ᠲᠤᠰᠬᠠᠬᠤ ᠲᠠᠪᠴᠠᠩ ᠪᠠᠶᠢᠭᠤᠯᠬᠤ᠂ | ᠦᠵᠡᠮᠵᠢ ᠶᠢᠨ ᠣᠷᠣᠨ ᠤ ᠡᠵᠡᠩᠨᠡᠯᠲᠡ ᠶᠢᠨ ᠬᠡᠯᠪᠡᠷᠢ ᠶᠢ ᠣᠯᠠᠨ ᠡᠰᠢᠵᠢᠭᠦᠯᠬᠦ᠂ ᠢᠳᠡᠵᠦ ᠤᠤᠭᠤᠬᠤ ᠬᠤᠨᠣᠵᠤ | ᠬᠡᠪᠲᠡᠬᠦ ᠶᠢ ᠣᠷᠣᠨ ᠨᠤᠲᠤᠭᠴᠢᠯᠠᠬᠤ ᠵᠡᠷᠭᠡ ᠠᠷᠭ᠎ᠠ ᠪᠠᠷ ᠵᠢᠭᠤᠯᠴᠢᠯᠠᠯ ᠤᠨ ᠦᠢᠯᠡᠴᠢᠯᠡᠭᠡᠨ ᠤ ᠰᠢᠯᠢᠳᠡᠭ ᠣᠷᠴᠢᠨ | ᠨᠦᠬᠦᠴᠡᠯ ᠢ ᠪᠦᠷᠢᠯᠳᠦᠭᠦᠯᠵᠦ᠂ ᠵᠢᠭᠤᠯᠴᠢᠯᠠᠬᠴᠢᠳ ᠤᠨ ᠵᠢᠭᠤᠯᠴᠢᠯᠡᠯ ᠤᠨ ᠪᠠᠶᠠᠷ ᠪᠠᠶᠠᠰᠦᠯᠲᠦ ᠲᠦᠷᠦᠭᠳᠡᠯ ᠢ ᠨᠢ | ᠨᠡᠮᠡᠭᠳᠡᠭᠦᠯᠵᠦ ᠪᠠᠶᠢᠨ᠎ᠠ᠃ | ᠤᠳᠤ ᠷᠠᠰᠢᠶᠠᠨ ᠤ ᠵᠢᠭᠤᠯᠴᠢᠯᠡᠯ ᠤᠨ ᠦᠵᠡᠮᠵᠢ ᠶᠢᠨ ᠣᠷᠣᠨ ᠦᠢᠯᠡᠴᠢᠯᠡᠭᠡᠨ ᠢᠶᠠᠨ ᠦᠷᠭᠦᠯᠵᠢᠯᠡᠨ | ᠰᠠᠶᠢᠵᠢᠷᠠᠭᠤᠯᠵᠦ᠂ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠰᠡᠳᠭᠢᠯ ᠲᠠᠯᠪᠢᠨ ᠦᠢᠯᠡᠴᠢᠯᠡᠬᠦ᠂ ᠢᠨᠢᠶᠡᠮᠰᠦᠭᠯᠡᠨ | ᠦᠢᠯᠡᠴᠢᠯᠡᠬᠦ᠂ ᠪᠠᠶᠠᠷ ᠪᠠᠶᠠᠰᠤᠯ ᠲᠠᠢ ᠦᠢᠯᠡᠴᠢᠯᠡᠬᠦ︾ ᠶᠢ ᠪᠠᠷᠢᠮᠳᠠᠯᠠᠵᠦ᠂ ᠰᠢᠯᠢᠳᠡᠭ ᠦᠢᠯᠡᠴᠢᠯᠡᠭᠡ ᠪᠠᠷ 5A | ᠳᠡᠰ ᠤᠨ ᠦᠵᠡᠮᠵᠢ ᠶᠢᠨ ᠣᠷᠣᠨ ᠤ ᠲᠦᠷᠦᠯ ᠳᠡᠮᠳᠡᠭ ᠢ ᠨᠡᠩ ᠤᠯᠠᠨ ᠬᠦᠮᠦᠨ ᠳᠤ ᠤᠶᠢᠯᠠᠭᠠᠭᠤᠯᠬᠤ ᠪᠠᠷ | ᠴᠢᠷᠮᠠᠶᠢᠵᠦ ᠪᠤᠢ᠃ | |