ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ︵2024 ᠣᠨ ᠤ 4 ᠳ᠋ᠣᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2025/3/19
            2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠴᠤᠭᠯᠠᠭᠤᠯᠬᠤ ᠲᠤᠬᠠᠢ ᠠᠯᠪᠠᠨ ᠵᠠᠷᠯᠠᠯ      ᠷᠠᠰᠢᠶᠠᠨ ᠵᠠᠰᠠᠭ ᠠᠯᠪᠠᠨ ᠲᠠᠷᠬᠠᠭᠠᠭᠰᠠᠨ [ 2024 ] 39 ᠳ᠋ᠤᠭᠡᠷ ᠲᠣᠭᠠᠲᠤ      ᠮᠠᠨ ᠤ ᠬᠤᠲᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠤᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠷᠠᠰᠢᠶᠠᠨ ᠬᠤᠲᠠ ᠶᠢᠨ ᠲᠣᠰ ᠱᠠᠲᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠢᠯᠡ ᠪᠠᠷ ᠴᠤᠭᠯᠠᠭᠤᠯᠬᠤ ᠪᠠᠷ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠪᠠ᠄      ᠨᠢᠭᠡ᠂ ᠴᠤᠭᠯᠠᠭᠤᠯᠬᠤ ᠴᠠᠭ      2024 ᠣᠨ ᠤ 11 ᠰᠠᠷ᠎ᠠ ᠶᠢᠨ 26 ᠤ ᠡᠳᠦᠷ ᠠᠴᠠ 2024 ᠣᠨ ᠤ 12 ᠰᠠᠷ᠎ᠠ ᠶᠢᠨ 10 ᠤ ᠡᠳᠦᠷ ᠪᠣᠯᠲᠠᠯ᠎ᠠ  ᠶᠠᠪᠤᠭᠳᠠᠨ᠎ᠠ᠃      ᠬᠤᠶᠠᠷ᠂ ᠴᠤᠭᠯᠠᠭᠤᠯᠬᠤ ᠠᠭᠤᠯᠭ᠎ᠠ      ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠣᠯᠠᠨ ᠲᠦᠮᠡᠨ ᠤ ᠦᠨᠡᠨ ᠬᠦ ᠠᠰᠢᠭ ᠲᠤᠰᠠ ᠶᠢᠨ ᠬᠠᠮᠤᠭ ᠠᠴᠠ ᠰᠢᠭᠤᠳ᠂ ᠬᠠᠮᠤᠭ ᠤᠨ ᠪᠤᠳᠠᠳᠤ ᠠᠷᠠᠳ ᠤᠨ ᠠᠮᠢᠳᠤᠷᠠᠯ ᠤᠨ ᠵᠦᠢᠯᠡᠰ ᠲᠤ ᠬᠤᠯᠪᠣᠭᠳᠠᠵᠤ᠂ ᠥᠷᠭᠡᠨ ᠣᠯᠠᠨ ᠲᠦᠮᠡᠨ ᠤ ᠬᠦᠰᠡᠯ ᠰᠠᠨᠠᠭ᠎ᠠ ᠪᠠ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠷᠠᠭᠤᠯᠵᠤ᠂ ᠲᠥᠷᠥᠯ ᠵᠦᠢᠯ ᠤᠨ ᠬᠦᠷᠢᠶ᠎ᠡ ᠴᠠᠷᠠᠭᠠᠨ ᠳᠠᠬᠢ ᠭᠤᠤᠯᠳᠠᠭᠤ ᠨᠡᠶᠢᠭᠡᠮ ᠤᠨ ᠪᠠᠲᠤᠯᠠᠭ᠎ᠠ᠂ ᠣᠯᠠᠨ ᠨᠡᠶᠢᠲᠡ ᠶᠢᠨ ᠦᠢᠯᠡᠴᠢᠯᠡᠭᠡ᠂ ᠶᠠᠳᠠᠭᠤ ᠶᠢ ᠲᠡᠳᠬᠦᠨ ᠬᠦᠴᠢᠷᠳᠡᠯ ᠢ ᠨᠢ ᠲᠤᠰᠠᠯᠠᠬᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ᠂ ᠡᠮᠴᠢᠯᠡᠭᠡ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠠᠵᠢᠯ ᠣᠯᠭᠤᠵᠤ ᠦᠢᠯᠡᠰ ᠪᠤᠰᠬᠠᠬᠤ ᠵᠡᠷᠭᠡ ᠲᠠᠯ᠎ᠠ ᠶᠢᠨ ᠵᠦᠢᠯᠡᠰ ᠪᠠᠭᠲᠠᠨ᠎ᠠ᠃      ᠭᠤᠷᠪᠠ᠂ ᠴᠤᠭᠯᠠᠭᠤᠯᠬᠤ ᠵᠠᠷᠴᠢᠮ      1. ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠦᠨ᠎ᠡ᠃ ᠰᠠᠨᠠᠭᠤᠯᠭ᠎ᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯ ᠥᠷᠭᠡᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠴᠢᠩᠭ᠎ᠠ᠂ ᠪᠠᠴᠢᠮ ᠰᠢᠢᠳᠪᠦᠷᠢᠯᠡᠬᠦ ᠴᠢᠬᠤᠯᠠᠲᠠᠢ ᠠᠷᠠᠳ ᠤᠨ ᠠᠮᠢᠳᠤᠷᠠᠯ ᠤᠨ ᠠᠰᠠᠭᠤᠳᠠᠯ ᠪᠠᠶᠢᠵᠤ᠂ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ᠂ ᠡᠳᠦᠷ ᠲᠤᠳᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠭᠤᠯᠭ᠎ᠠ ᠶᠢ ᠠᠩᠬᠠᠷᠤᠨ᠎ᠠ ᠃      2.  ᠲᠦᠭᠡᠮᠡᠯ ᠬᠠᠷᠠᠭᠠᠯᠵᠠᠯ ᠤᠨ ᠨᠦᠯᠦᠭᠡᠯᠡᠯ ᠢ ᠢᠯᠡᠷᠡᠭᠦᠯᠤᠨ᠎ᠡ᠃ ᠲᠥᠯᠥᠭᠡᠯᠡᠬᠦ ᠴᠢᠨᠠᠷ᠂ ᠪᠦᠬᠦ ᠲᠠᠯ᠎ᠠ ᠶᠢᠨ ᠴᠢᠨᠠᠷ᠂ ᠬᠠᠮᠤᠷᠬᠤ ᠬᠡᠪᠴᠢᠶ᠎ᠡ ᠨᠢ ᠥᠷᠭᠡᠨ᠂ ᠠᠰᠢᠭ ᠬᠦᠷᠲᠡᠬᠦ ᠬᠡᠪᠴᠢᠶ᠎ᠡ ᠨᠢ ᠶᠡᠭᠡ᠂ ᠨᠡᠶᠢᠭᠡᠮ ᠤᠨ ᠦᠷ᠎ᠡ ᠠᠰᠢᠭ ᠨᠢ ᠢᠯᠡᠷᠬᠡᠶ ᠵᠡᠷᠭᠡ ᠣᠨᠴᠠᠯᠢᠭ ᠲᠠᠢ ᠪᠠᠶᠢᠬᠤ ᠬᠡᠷᠡᠭᠲᠡᠶ᠃      3. ᠪᠣᠯᠤᠮᠵᠢᠲᠤ ᠴᠢᠨᠠᠷ ᠲᠠᠢ ᠪᠠᠶᠢᠬᠤ ᠶᠢ ᠱᠠᠭᠠᠷᠳᠠᠨ᠎ᠠ᠃ ᠰᠠᠨᠠᠭᠤᠯᠭ᠎ᠠ ᠶᠢᠨ ᠲᠦᠷᠦᠯ ᠵᠦᠢᠯ ᠨᠢ ᠮᠠᠨ ᠤ ᠬᠤᠲᠠ ᠶᠢᠨ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠪᠤᠲᠠᠲᠤ ᠪᠠᠶᠢᠲᠠᠯ ᠪᠤᠯᠤᠨ ᠤᠯᠠᠨ ᠲᠦᠮᠡᠨ ᠤ ᠭᠡᠷᠡᠭᠴᠡᠭᠡ ᠱᠠᠭᠠᠷᠲᠠᠯᠭ᠎ᠠ ᠶᠢ ᠬᠦᠢᠴᠡᠳ ᠪᠤᠲᠤᠯᠬᠢᠯᠠᠵᠦ᠂ ᠵᠠᠷᠴᠢᠮ ᠲᠡᠬᠡᠷ᠎ᠡ ᠪᠠᠨ ᠲᠤᠬᠠᠢ ᠶᠢᠨ ᠵᠢᠯ ᠳᠤ ᠪᠠᠶᠢᠭᠤᠯᠤᠨ᠂ ᠲᠤᠬᠠᠢ ᠶᠢᠨ ᠵᠢᠯ ᠳᠤ ᠠᠵᠢᠯ ᠲᠠᠭᠤᠰᠬᠠᠵᠦ᠂ ᠦᠷ᠎ᠠ ᠪᠦᠲᠦᠮᠵᠢ ᠶᠢ ᠤᠯᠠᠨ ᠲᠦᠮᠡᠨ ᠪᠡᠶ᠎ᠠ ᠪᠠᠷ ᠢᠶᠠᠨ  ᠤᠶᠢᠯᠠᠭᠠᠵᠤ ᠲᠡᠶᠢᠯᠦᠨ᠎ᠡ᠃       4. ᠲᠥᠷᠥᠯ ᠵᠦᠢᠯ ᠢ ᠨᠢᠭᠡ ᠤᠴᠢᠷ ᠨᠢᠭᠡ ᠶᠠᠪᠤᠳᠠᠯ ᠢᠶᠠᠷ ᠲᠤᠳᠤᠷᠬᠠᠶᠢᠯᠠᠨ᠎ᠠ᠃ ᠰᠠᠨᠠᠭᠤᠯᠭ᠎ᠠ ᠶᠢᠨ ᠲᠦᠷᠦᠯ ᠵᠦᠢᠯ ᠨᠢ ᠡᠮᠬᠢ ᠵᠢᠷᠦᠮ ᠲᠠᠢ᠂ ᠰᠡᠳᠬᠢᠮᠵᠢ ᠲᠣᠳᠣᠷᠬᠠᠢ᠂ ᠠᠭᠤᠯᠭ᠎ᠠ ᠲᠣᠪᠴᠢ ᠠᠪᠰᠠᠷᠬᠠᠨ ᠪᠠᠶᠢᠬᠤ ᠬᠡᠷᠡᠭᠲᠡᠢ᠃ ᠶᠡᠷᠦ ᠳᠡᠭᠡᠨ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠭᠤᠯᠭ᠎ᠠ᠂ ᠪᠡᠯᠡ ᠣᠷᠣᠭᠤᠯᠤᠯᠲᠠ ᠶᠢᠨ ᠵᠣᠭᠤᠰ ᠤᠨ ᠲᠤᠭ᠎ᠠ᠂ ᠪᠦᠲᠦᠭᠡᠨ ᠪᠠᠶᠢᠭᠤᠯᠬᠤ ᠡᠬᠢᠯᠡᠯᠲᠡ ᠶᠢᠨ ᠵᠢᠯ᠂ ᠲᠥᠷᠥᠯ ᠵᠦᠢᠯ ᠢ ᠬᠡᠷᠡᠭᠵᠢᠭᠦᠯᠬᠦ ᠴᠢᠬᠤᠯᠠ ᠴᠢᠨᠠᠷ ᠵᠡᠷᠭᠡ ᠠᠭᠤᠯᠭ᠎ᠠ ︵ᠪᠣᠳᠠᠲᠠᠶ ᠨᠠᠷᠢᠨ ᠪᠠᠶᠢᠳᠠᠯ ᠢ ᠳᠠᠭᠠᠯᠳᠤᠭᠤᠯᠤᠯ ᠬᠦᠰᠦᠨᠦᠭᠲᠦ ᠳᠤ ᠦᠵᠡᠭᠡᠷᠡᠢ︶ ᠪᠠᠭᠲᠠᠨ᠎ᠠ᠃      ᠳᠥᠷᠪᠡ᠂ ᠴᠤᠭᠯᠠᠭᠤᠯᠬᠤ ᠠᠷᠭ᠎ᠠ ᠮᠠᠶ᠋ᠢᠭ ᠪᠠ ᠡᠲᠡᠭᠡᠳ      ᠢᠯᠡ ᠪᠠᠷ ᠴᠤᠭᠯᠠᠭᠤᠯᠤᠨ᠎ᠠ᠂ ᠲᠥᠷᠥᠯ ᠵᠦᠢᠯ ᠤᠨ ᠰᠠᠨᠠᠭᠤᠯᠭ᠎ᠠ ᠶᠢ ᠮᠡᠳᠡᠭᠦᠯᠦᠨ ᠬᠦᠷᠭᠡᠬᠦ ᠳᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ ᠶᠢ ᠲᠠᠭᠯᠠᠨ᠎ᠠ᠃       ᠬᠠᠷᠢᠯᠴᠠᠬᠤ ᠬᠥᠮᠦᠨ᠄ ᠰᠦᠨ ᠯᠢ ᠨᠠ᠂  ᠬᠠᠷᠢᠯᠴᠠᠬᠤ ᠤᠲᠠᠰᠤ᠄ 15540000690 ᠪᠤᠯᠤᠨ᠎ᠠ᠃      ᠳᠠᠭᠠᠯᠳᠤᠭᠤᠯᠤᠯ᠄ 2025 ᠣᠨ ᠤ ᠬᠤᠲᠠ ᠶᠢᠨ ᠲᠣᠰ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ          ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                      2024 ᠣᠨ ᠤ 11 ᠰᠠᠷ᠎ᠠ ᠶᠢᠨ 26 ᠤ ᠡᠳᠦᠷ          ※ ᠳᠠᠭᠠᠯᠳᠤᠭᠤᠯᠤᠯ ᠢ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ  ᠠᠴᠠ ᠦᠵᠡᠭᠡᠷᠡᠢ︕  
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号