| | ︽ᠱᠠᠯᠢᠭ ᠵᠠᠪᠬᠠᠢ ᠶᠢ ᠠᠷᠢᠯᠭᠠᠵᠤ ᠬᠠᠣᠯᠢ ᠪᠣᠰᠤ ᠬᠡᠪᠯᠡᠯ ᠳᠤ ᠴᠣᠬᠢᠯᠲᠠ ᠥᠭᠬᠦ︾ ᠠᠵᠢᠯ ᠢ ᠭᠦᠨᠵᠡᠭᠡᠢ | ᠦᠷᠨᠢᠭᠦᠯᠵᠦ᠂ ᠬᠠᠷᠢᠶ᠎ᠡ ᠤᠷᠤᠨ ᠤ ᠰᠠᠭᠤᠭᠠᠯᠢ ᠠᠷᠠᠳ ᠤᠨ ᠡᠨᠡᠬᠦ ᠠᠵᠢᠯ ᠤᠨ ᠴᠢᠬᠤᠯᠠ ᠴᠢᠨᠠᠷ ᠤᠨ ᠲᠣᠬᠠᠢ | ᠲᠠᠨᠢᠯᠲᠠ ᠶᠢ ᠴᠢᠩᠭᠠᠳᠬᠠᠬᠤ ᠶᠢᠨ ᠲᠦᠯᠦᠭᠡ᠂ 3 ᠰᠠᠷ᠎ᠠ ᠶᠢᠨ 18 ᠤ ᠡᠳᠦᠷ᠂ ᠷᠠᠰᠢᠶᠠᠨ ᠬᠤᠳᠠ ᠶᠢᠨ | ᠸᠧᠨᠴᠢᠤᠸᠠᠨ ᠵᠡᠭᠡᠯᠢ ᠶᠢᠨ ᠾᠧ ᠪᠢᠨ ᠨᠠᠶᠢᠭᠡᠮ ᠲᠣᠭᠤᠷᠢᠭ ︽ᠱᠠᠯᠢᠭ ᠵᠠᠪᠬᠠᠢ ᠶᠢ ᠠᠷᠢᠯᠭᠠᠵᠤ ᠬᠠᠣᠯᠢ ᠪᠣᠰᠤ | ᠬᠡᠪᠯᠡᠯ ᠳᠤ ᠴᠣᠬᠢᠯᠲᠠ ᠥᠭᠬᠦ︾ ᠣᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠪᠡ᠃ | ᠨᠡᠶᠢᠭᠡᠮ ᠲᠣᠭᠤᠷᠢᠭ ᠤᠨ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ | ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠬᠠᠷᠢᠶ᠎ᠠ ᠣᠷᠣᠨ ᠤ ᠰᠠᠭᠤᠭᠠᠯᠢ ᠠᠷᠠᠳ ᠲᠤ ︽ᠱᠠᠯᠢᠭ ᠵᠠᠪᠬᠠᠶ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠠᠴᠢ ᠬᠤᠯᠪᠣᠭᠳᠠᠯ ᠵᠢᠴᠢ ᠬᠤᠤᠷ | ᠬᠥᠨᠥᠭᠡᠯ ᠢ ᠤᠬᠠᠭᠤᠯᠵᠤ᠂ ᠲᠡᠳᠡ ᠨᠠᠷ ᠢ ᠡᠨᠡᠬᠦ ᠠᠵᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠤᠯᠭᠠᠪᠠ᠃ | ᠡᠭᠦᠨ ᠤ ᠬᠠᠮᠲᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠠᠤᠯᠢ ᠪᠤᠰᠤ ᠬᠡᠪᠯᠡᠭᠳᠡᠬᠦᠨ ᠤ ᠭᠤᠤᠯ ᠣᠨᠴᠠᠯᠢᠭ᠂ | ᠦᠷᠭᠦᠯᠵᠢ ᠲᠣᠬᠢᠶᠠᠯᠳᠤᠳᠠᠭ ᠠᠷᠭ᠎ᠠ ᠪᠠᠷᠢᠯ ᠪᠠ ᠵᠠᠯᠠᠭᠤᠴᠤᠳ ᠪᠠᠭᠠᠴᠤᠳ ᠲᠤ ᠦᠵᠡᠭᠦᠯᠬᠦ ᠬᠤᠤᠷ ᠬᠥᠨᠥᠭᠡᠯ ᠢ | ᠲᠠᠨᠢᠯᠴᠠᠭᠤᠯᠵᠤ᠂ ᠲᠡᠳᠡᠨ ᠤ ︽ᠱᠠᠯᠢᠭ ᠵᠠᠪᠬᠠᠶ ᠵᠤᠶᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ | ᠥᠭᠬᠦ︾ ᠠᠵᠢᠯᠯᠠᠭ᠎ᠠ ᠳᠤ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠣᠶᠣᠯ ᠤᠨ ᠠᠮᠢᠳᠤᠷᠠᠯ ᠤᠨ | ᠣᠷᠴᠢᠨ ᠲᠣᠭᠤᠷᠢᠨ ᠢ ᠬᠠᠮᠲᠤ ᠪᠠᠷ ᠴᠢᠷᠮᠠᠶᠢᠨ ᠴᠡᠪᠡᠷᠰᠢᠭᠦᠯᠬᠦ ᠶᠢ ᠰᠠᠨᠠᠭᠠᠴᠢᠯᠠᠪᠠ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠬᠠᠷᠢᠶ᠎ᠠ ᠣᠷᠣᠨ ᠤ ᠰᠠᠭᠤᠭᠠᠯᠢ ᠠᠷᠠᠳ ᠤᠨ ︽ᠱᠠᠯᠢᠭ | ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠲᠤᠬᠠᠶ ᠲᠠᠨᠢᠯᠳᠠ | ᠶᠢ ᠲᠡᠭᠡᠭᠰᠰᠢᠯᠡᠭᠦᠯᠪᠡ᠃ ᠾᠧ ᠪᠢᠨ ᠨᠡᠶᠢᠭᠡᠮ ᠲᠣᠭᠤᠷᠢᠭ ᠦᠷᠭᠦᠯᠵᠢᠯᠡᠨ ᠣᠯᠠᠨ ᠵᠦᠢᠯ ᠤᠨ ᠬᠡᠯᠪᠡᠷᠢ ᠪᠠᠷ ︽ᠱᠠᠯᠢᠭ | ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠰᠣᠶᠣᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ | ᠴᠡᠪᠡᠷᠰᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠴᠡᠢ᠃ |