| | ᠬᠥᠳᠡᠯᠮᠦᠷᠢ ᠴᠠᠯᠢᠩ ᠤᠨ ᠲᠤᠭ᠎ᠠ ᠪᠦᠷᠢᠳᠬᠡᠯ ᠢ ᠲᠣᠭᠲᠠᠭᠠᠨ ᠮᠡᠳᠡᠭᠦᠯᠬᠦ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠬᠥᠳᠡᠯᠮᠦᠷᠢ ᠴᠠᠯᠢᠩ ᠤᠨ ᠲᠤᠭ᠎ᠠ ᠪᠦᠷᠢᠳᠬᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠷᠠᠰᠢᠶᠠᠨ | ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ 2025 ᠣᠨ ᠤ ᠷᠠᠰᠢᠶᠠᠨ ᠬᠤᠲᠠ ᠶᠢᠨ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠢ ᠶᠢᠨ ᠬᠥᠳᠡᠯᠮᠦᠷᠢ ᠴᠠᠯᠢᠩ ᠤᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠵᠦ᠂ ᠪᠥᠬᠦ ᠬᠤᠲᠠ ᠶᠢᠨ ᠨᠡᠶᠢᠲᠡ 200 ᠭᠠᠷᠤᠶ | ᠪᠠᠶᠢᠭᠤᠯᠭ᠎ᠠ ᠨᠢᠭᠡᠴᠢ ᠶᠢᠨ ᠲᠤᠭ᠎ᠠ ᠪᠦᠷᠢᠳᠬᠡᠯ ᠤᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃ | ᠪᠣᠯᠪᠠᠰᠤᠷᠠᠯ ᠤᠨ ᠬᠤᠷᠠᠯ ᠳᠡᠭᠡᠷ᠎ᠡ᠂ ᠬᠥᠳᠡᠯᠮᠦᠷᠢ ᠴᠠᠯᠢᠩ ᠤᠨ ᠮᠡᠳᠡᠭᠦᠯᠬᠦ ᠬᠦᠰᠦᠨᠦᠭᠲᠦ ᠶᠢᠨ ᠵᠦᠢᠯᠡᠰ᠂ | ᠪᠦᠷᠢᠳᠬᠡᠯ ᠤᠨ ᠡᠭᠦᠯᠡᠨ ᠰᠢᠰᠲ᠋ᠧᠮ ᠤᠨ ᠠᠵᠢᠯᠯᠠᠭ᠎ᠠ᠂ ᠭᠦᠢᠴᠡᠳᠭᠡᠯ ᠲᠤᠭ᠎ᠠ ᠶᠢᠨ ᠲᠠᠶᠢᠯᠪᠤᠷᠢᠯᠠᠯᠲᠠ᠂ ᠠᠩᠬᠠᠷᠬᠤ | ᠵᠦᠢᠯᠡᠰ ᠵᠡᠷᠭᠡ ᠠᠭᠤᠯᠭ᠎ᠠ ᠳᠤ ᠴᠢᠭᠯᠡᠭᠦᠯᠦᠨ ᠨᠠᠷᠢᠨ ᠲᠠᠶᠢᠯᠤᠮᠵᠢ ᠪᠠ ᠪᠣᠯᠪᠠᠰᠤᠷᠠᠯ ᠬᠢᠭᠰᠡᠨ ᠪᠥᠭᠡᠳ ᠳᠡᠭᠡᠭᠰᠢ | ᠮᠡᠳᠡᠭᠦᠯᠦᠭᠰᠡᠨ ᠲᠤᠭ᠎ᠠ ᠪᠠᠷᠢᠮᠲᠠ ᠶᠢᠨ ᠳᠣᠲᠣᠷᠠᠬᠢ ᠬᠠᠮᠲᠤ ᠪᠠᠷ ᠡᠳ᠋ᠯᠡᠬᠦ ᠠᠰᠠᠭᠤᠳᠠᠯ ᠳᠤ ᠭᠤᠤᠯᠳᠠᠯᠭ᠎ᠠ ᠲᠠᠢ | ᠲᠠᠶᠢᠯᠤᠮᠵᠢ ᠬᠢᠵᠡᠶ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠤᠷᠠᠯ ᠳᠤ ᠣᠷᠣᠯᠴᠠᠭᠰᠠᠳ ᠬᠥᠳᠡᠯᠮᠦᠷᠢ ᠴᠠᠯᠢᠩ ᠤᠨ | ᠲᠤᠭ᠎ᠠ ᠪᠦᠷᠢᠳᠬᠡᠯ ᠤᠨ ᠠᠵᠢᠯ ᠤᠨ ᠲᠤᠬᠠᠶ ᠨᠠᠩ ᠭᠦᠨᠵᠡᠭᠡᠶ ᠪᠣᠳᠠᠲᠠᠶ ᠲᠠᠨᠢᠯᠲᠠ ᠲᠠᠢ ᠪᠣᠯᠵᠣ᠂ ᠡᠯ᠎ᠡ ᠪᠠᠶᠢᠭᠤᠯᠭ᠎ᠠ | ᠨᠢᠭᠡᠴᠢ ᠶᠢᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠬᠢᠷᠢ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠬᠥᠳᠡᠯᠮᠦᠷᠢ ᠴᠠᠯᠢᠩ ᠤᠨ ᠲᠤᠭ᠎ᠠ ᠪᠦᠷᠢᠳᠬᠡᠯ ᠤᠨ ᠠᠵᠢᠯ ᠤᠨ ᠬᠠᠷᠢᠭᠤᠴᠠᠯᠭ᠎ᠠ ᠶᠢᠨ | ᠤᠬᠠᠮᠰᠠᠷ ᠢ ᠳᠡᠭᠡᠭᠰᠢᠯᠡᠭᠦᠯᠵᠦ᠂᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠬᠥᠳᠡᠯᠮᠦᠷᠢ ᠴᠠᠯᠢᠩ ᠢ | ᠲᠣᠭᠲᠠᠭᠠᠨ ᠮᠡᠳᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ | ᠪᠠᠶᠢᠨ᠎ᠠ᠃ | | |