| 3 ᠰᠠᠷ᠎ᠠ ᠶᠢᠨ 21 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ | ᠪᠠᠶᠢᠩᠭᠤ ᠶᠢᠨ ᠬᠤᠷᠢᠶ᠎ᠠ ᠶᠢᠨ 95 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ︽ᠪᠦᠬᠦ ᠨᠠᠮ ᠳᠤ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠮᠡᠳᠡᠭᠳᠡᠯ︾ ᠪᠣᠯᠣᠨ ᠨᠠᠮ ᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ | ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ ᠪᠦᠬᠦ ᠬᠤᠲᠠ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ | ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ᠂ ᠥᠪᠡᠷᠲᠡᠭᠡᠨ | ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠪᠠ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠴᠢᠩᠭ᠎ᠠ ᠣᠪᠣᠷ ᠪᠠ ᠪᠣᠳᠠᠲᠠᠶ ᠠᠷᠭ᠎ᠠ ᠬᠡᠮᠵᠢᠶ᠎ᠡ ᠪᠠᠷ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ | ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠯᠲᠠ᠂ ᠣᠷᠳᠣ ᠬᠤᠭᠤᠴᠠᠭᠠᠨ ᠤ | ᠪᠦᠲᠦᠮᠵᠢᠲᠡᠶ ᠬᠥᠭᠵᠢᠯᠲᠡ ᠶᠢ ᠠᠬᠢᠭᠤᠯᠵᠤ᠂ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠠᠷᠠᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ᠂ ︽ᠰᠤᠷᠤᠯᠴᠠᠬᠤ | ᠪᠠᠶᠢᠴᠠᠭᠠᠬᠤ ᠥᠭᠡᠷᠡᠴᠢᠯᠡᠬᠦ︾ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠤᠯᠴᠠᠵᠤ ᠰᠤᠳᠤᠯᠤᠨ | ᠶᠠᠷᠢᠯᠴᠠᠬᠤ ᠶᠢ ᠴᠢᠩᠭᠠᠳᠬᠠᠵᠤ᠂ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠳᠡᠯᠭᠡᠵᠦ᠂ ᠰᠡᠷᠡᠮᠵᠢᠯᠡᠭᠦᠯᠬᠦ | ᠬᠥᠮᠦᠵᠢᠯ ᠤᠨ ᠤᠳᠠᠭ᠎ᠠ ᠶᠢ ᠨᠢᠭᠤᠴᠠᠯᠠᠵᠤ᠂ ᠲᠤᠪᠤᠶᠢᠮ᠎ᠠ ᠠᠰᠠᠭᠤᠳᠠᠯ ᠭᠠᠷᠪᠠᠯ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠡᠭᠦᠯᠳᠡᠷᠵᠢᠭᠦᠯᠵᠦ᠂ ᠡᠭᠦᠳᠡ ᠪᠠᠨ ᠨᠡᠭᠡᠭᠡᠬᠦ ᠬᠥᠮᠦᠵᠢᠯ ᠢ ᠪᠠᠷᠢᠮᠲᠠᠯᠠᠵᠤ᠂ ᠭᠤᠣᠯᠳᠠᠯᠭ᠎ᠠ ᠲᠠᠢ ᠬᠥᠮᠦᠰ ᠤᠨ | ᠬᠠᠷᠢᠯᠴᠠᠵᠤ ᠦᠢᠯᠡᠴᠢᠯᠡᠬᠦ ᠪᠠ ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ | ᠬᠦᠴᠦᠯᠡᠨ ᠰᠠᠶᠢᠲᠤᠷ ᠰᠢᠢᠳᠪᠦᠷᠢᠯᠡᠵᠦ᠂ ᠰᠤᠷᠬᠤ ᠨᠢ ᠶᠠᠰᠤ ᠴᠢᠨᠠᠷ ᠲᠠᠢ᠂ ᠪᠠᠶᠢᠴᠠᠭᠠᠬᠤ ᠨᠢ ᠡᠷᠴᠢᠮ ᠲᠠᠢ᠂ | ᠵᠠᠰᠠᠬᠤ ᠨᠢ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠲᠠ ᠶᠢᠨ | ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠲᠤᠰᠬᠠᠶ ᠠᠩᠭᠢ ᠪᠠᠶᠢᠴᠠᠭᠠᠨ ᠰᠤᠳᠤᠯᠤᠯᠲᠠ ᠬᠢᠵᠦ | ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ | ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠡᠭᠦᠷᠭᠡᠯᠡᠵᠦ᠂ ᠪᠡᠶ᠎ᠡ ᠪᠠᠷ ᠢᠶᠠᠨ ᠠᠳᠬᠤᠵᠤ᠂ | ᠲᠦᠷᠦᠭᠦᠯᠡᠨ ᠰᠤᠷᠤᠯᠴᠠᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠬᠤ ᠬᠡᠷᠡᠭᠲᠡᠶ᠃ ᠤᠳᠤᠷᠢᠳᠬᠤ ᠪᠠᠭ ᠤᠨ | ᠪᠤᠰᠤᠳ ᠪᠦᠷᠢᠯᠳᠦᠬᠦᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ | ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ | ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ | ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠬᠤᠯᠪᠣᠭᠳᠠᠯ | ᠪᠦᠬᠦᠢ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ ︽ᠪᠦᠬᠦ ᠬᠤᠲᠠ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ︵ᠬᠤᠷᠠᠯ ᠤᠨ ᠬᠢᠨᠠᠨ ᠵᠥᠪᠯᠡᠬᠦ | ᠨᠣᠤᠷᠠᠭ︶︾᠂ ︽ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ | ᠪᠠᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ︵ᠬᠤᠷᠠᠯ ᠤᠨ ᠬᠢᠨᠠᠨ ᠵᠥᠪᠯᠡᠬᠦ ᠨᠣᠤᠷᠠᠭ︶︾ ᠶᠢ | ᠬᠢᠨᠠᠨ ᠵᠥᠪᠯᠡᠪᠡ᠃ |