| 3 ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ | ᠵᠢᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠢᠯᠡᠴᠢᠯᠡᠭᠡᠨ ᠤ ᠦᠢᠯᠡᠰ ᠤᠨ ᠵᠢᠷᠤᠮᠵᠢᠭᠰᠠᠨ ᠬᠠᠮᠢᠶᠠᠷᠤᠯᠲᠠ ᠶᠢᠨ ᠬᠠᠮᠢᠶ᠎ᠠ ᠪᠥᠬᠦᠶ ᠵᠦᠢᠯᠡᠰ ᠢ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠤᠯᠤᠰ ᠤᠨ ᠳᠣᠲᠣᠭᠠᠳᠤ ᠳᠤ ᠲᠡᠷᠢᠭᠦᠨ | ᠲᠠᠰ ᠤᠨ᠂ ᠳᠡᠯᠡᠬᠡᠶ ᠳᠤ ᠠᠯᠳᠠᠷᠲᠠᠶ︾ ᠵᠢᠭᠤᠯᠴᠢᠯᠠᠯ ᠠᠮᠠᠷᠠᠯᠲᠠ ᠶᠢᠨ ᠬᠤᠲᠠ ᠶᠢ ᠪᠦᠲᠦᠭᠡᠨ ᠪᠠᠶᠢᠭᠤᠯᠬᠤ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠨ ᠪᠣᠳᠠᠲᠠᠶᠢᠵᠢᠭᠤᠯᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠲᠦᠷᠢᠮ ᠲᠣᠭᠲᠠᠴᠠ ᠪᠠᠨ | ᠲᠡᠭᠦᠯᠳᠡᠷᠵᠢᠭᠦᠯᠵᠦ᠂ ︽ᠵᠢᠭᠤᠯᠴᠢᠯᠠᠯ + ᠵᠠᠮ ᠬᠠᠷᠢᠯᠴᠠᠭ᠎ᠠ︾ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ | ᠠᠵᠢᠯ ᠲᠥᠷᠥᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠥᠷᠭᠡᠨ ᠣᠯᠠᠨ | ᠬᠤᠲᠠ ᠶᠢᠨ ᠠᠷᠠᠳ ᠪᠣᠯᠤᠨ ᠵᠢᠭᠤᠯᠴᠢᠯᠠᠭᠴᠢᠳ ᠲᠤ ᠨᠠᠩ ᠠᠮᠤᠷ ᠲᠦᠪᠰᠢᠨ᠂ ᠳᠥᠭᠦᠮ ᠳᠥᠲᠡ᠂ ᠲᠠᠭᠠᠯᠠᠮᠵᠢᠲᠠᠶ | ᠶᠠᠪᠤᠵᠤ ᠰᠠᠭᠤᠬᠤ ᠣᠶᠢᠯᠠᠭᠠᠯᠲᠠ ᠬᠠᠩᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ ᠭᠡᠬᠦ ᠡᠨᠡ ᠬᠦ ︽ | ᠴᠣᠩᠬᠤᠪᠴᠢ︾ ᠶᠢᠨ ᠠᠵᠢᠯ ᠲᠥᠷᠥᠯ ᠢ ᠦᠨᠡᠨ ᠬᠦ ᠵᠢᠷᠤᠮᠵᠢᠭᠰᠠᠨ ᠴᠣᠩᠬᠤᠪᠴᠢ᠂ ᠪᠣᠯᠪᠠᠰᠤᠨ ᠴᠣᠩᠬᠤᠪᠴᠢ᠂ | ᠳᠦᠷᠢ ᠲᠥᠷᠬᠦ ᠶᠢᠨ ᠴᠣᠩᠬᠤᠪᠴᠢ ᠪᠣᠯᠭᠠᠬᠤ ᠬᠡᠷᠡᠭᠲᠡᠶ᠃ ︽ᠬᠥᠳᠡᠯᠭᠡᠬᠦ ᠬᠦᠴᠦᠨ ᠦᠭᠡᠢ ᠭᠠᠳᠠᠭᠰᠢ ᠭᠠᠷᠬᠤ | ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠤᠭᠤᠢ ᠲᠡᠷᠭᠡ ᠵᠣᠭᠰᠣᠬᠤ ᠡᠮᠬᠢ | ᠳᠢᠭᠯᠢᠮ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ | ᠷᠠᠰᠢᠶᠠᠨ ᠬᠤᠳᠠ ᠶᠢᠨ ᠲᠦᠷᠢ ᠲᠥᠷᠬᠦ ᠪᠣᠯᠤᠨ ᠶᠠᠰᠤ ᠴᠢᠨᠠᠷ ᠢ ᠰᠢᠨ᠎ᠡ ᠳᠡᠭᠡᠭᠰᠢᠯᠡᠯᠲᠡ ᠲᠠᠢ ᠪᠣᠯᠭᠠᠬᠤ ᠳᠤ ᠬᠦᠴᠦᠨ | ᠨᠡᠮᠡᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠳᠠ ᠶᠢᠨ ᠤᠳᠤᠷᠢᠳᠤᠯᠭ᠎ᠠ ᠲᠠᠢ ᠬᠠᠢ ᠹᠧᠩ᠂ ᠪᠠᠢ ᠹᠧᠩ᠂ ᠸᠠᠩ ᠬᠠᠢ ᠵᠢᠶᠦ᠋ᠨ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |