ᠶᠠᠩ ᠶᠦᠩ ᠵᠢᠦ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠶᠤᠯᠭᠦᠶ ᠦᠢᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2025/3/24
    3 ᠰᠠᠷ᠎ᠠ ᠶᠢᠨ 22 ᠤᠨ ᠡᠳᠦᠷ᠂  ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠤᠷᠢᠳ ᠬᠤᠵᠢᠳ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠷᠠᠰᠢᠶᠠᠨ ᠤ ᠣᠶ ᠰᠢᠭᠤᠶ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠪᠠᠴᠢᠮ ᠪᠠᠶᠢᠳᠠᠯ ᠢ ᠠᠷᠭᠠᠴᠠᠭᠠᠬᠤ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠲᠥᠪ ᠵᠡᠷᠭᠡ ᠭᠠᠵᠠᠷ  ᠢᠶᠠᠷ ᠬᠦᠷᠴᠦ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃    ᠶᠠᠩ ᠶᠦᠩ ᠵᠢᠦ᠂ ᠣᠳᠣᠬᠠᠨ ᠳᠤ ᠨᠢᠭᠡᠨᠲᠡ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠪᠥᠬᠦ ᠬᠤᠲᠠ ᠪᠠᠷ ᠢᠶᠠᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠬᠤ ᠪᠠ ᠪᠠᠶᠢᠯᠳᠤᠭᠠᠨ ᠳᠤ ᠣᠷᠣᠯᠴᠠᠬᠤ ᠪᠠᠶᠢᠳᠠᠯ ᠢᠶᠠᠨ ᠪᠠᠲᠤᠯᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠨᠢᠭᠡᠳᠦᠯᠲᠡᠶ ᠲᠥᠯᠥᠪᠯᠡᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ  ᠰᠡᠷᠭᠡᠶᠢᠯᠡᠬᠦ ᠬᠦᠴᠦᠷᠬᠡᠭ ᠶᠡᠭᠡ ᠬᠠᠮᠳᠤᠷᠠᠯ ᠬᠦᠴᠦᠨ ᠢ ᠦᠨᠡᠨ ᠬᠦ ᠪᠣᠶ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠶ᠃ ︽ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ︾ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ 24 ᠴᠠᠭ ᠢᠶᠠᠷ ᠵᠢᠵᠢᠭᠦᠷᠯᠡᠨ ᠰᠠᠬᠢᠬᠤ᠂ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠪᠣᠯᠪᠠᠰᠤᠷᠠᠯ ᠪᠠ ᠤᠷᠢᠳᠴᠢᠯᠠᠨ ᠰᠡᠷᠡᠮᠵᠢᠯᠡᠭᠦᠯᠬᠦ ᠰᠣᠷᠢᠯᠲᠠ ᠶᠢ ᠴᠢᠩᠭᠠᠷᠠᠭᠤᠯᠤᠨ᠂ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠪᠠᠶᠢᠳᠠᠯ ᠢ ᠢᠯᠡᠷᠡᠭᠦᠯᠬᠦ ᠨᠢ ᠲᠦᠷᠭᠡᠨ᠂ ᠵᠢᠯᠣᠭᠤᠳᠤᠨ ᠲᠣᠬᠢᠷᠠᠭᠤᠯᠬᠤ ᠨᠢ ᠲᠦᠷᠭᠡᠨ᠂ ᠵᠣᠬᠢᠶᠠᠨ ᠪᠠᠶᠢᠭᠤᠯᠤᠭᠰᠠᠨ ᠨᠢ ᠲᠦᠷᠭᠡᠨ ᠪᠠᠶᠢᠵᠤ᠂ ᠳᠣᠲᠣᠨᠠᠬᠢ ᠳᠤ ᠪᠠᠨ ᠭᠠᠯ ᠢ ᠡᠷᠡᠰ ᠰᠡᠷᠭᠡᠶᠢᠯᠡᠨ ᠡᠵᠡᠮᠳᠡᠵᠦ᠂ ᠭᠠᠳᠠᠨᠠᠬᠢ ᠭᠠᠯ ᠢ ᠰᠠᠶᠢᠳᠤᠷ ᠬᠤᠷᠢᠭᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ᠃ ᠭᠠᠯ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠥᠷᠭᠡᠨ ᠤᠯᠠᠨ ᠲᠦᠮᠡᠨ ᠪᠣᠯᠤᠨ ᠵᠢᠭᠤᠯᠴᠢᠯᠠᠭᠴᠢᠳ ᠤᠨ ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ︽ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠭᠤᠭᠴᠤᠭ᠎ᠠ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠦᠬᠦ ᠲᠠᠯ᠎ᠠ ᠪᠠᠷ᠂ ᠲᠣᠣᠷ ᠲᠠᠲᠠᠬᠤ ᠬᠡᠯᠪᠡᠷᠢ ᠪᠠᠷ ᠥᠷᠨᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠡᠢ᠃    ᠬᠤᠳᠠ ᠶᠢᠨ ᠤᠳᠤᠷᠢᠳᠤᠯᠭ᠎ᠠ ᠲᠠᠢ ᠬᠠᠢ ᠹᠧᠩ᠂ ᠷᠠᠰᠢᠶᠠᠨ ᠤᠢ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠡᠷᠡᠭ ᠮᠡᠳᠡᠭᠴᠢ᠂ ᠶᠡᠷᠦᠩᠬᠡᠢ ᠳᠠᠭᠠᠭᠠᠮᠠᠯ ᠶᠢᠨ ᠢᠦᠢ ᠰᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号