| | ᠭᠤᠣᠯ ᠮᠦᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠮᠥᠷᠡᠨ ᠤ ᠤᠰᠤᠨ ᠣᠷᠣᠨ ᠤ ᠬᠢᠨᠠᠯᠲᠠ ᠬᠠᠮᠢᠶᠠᠷᠤᠯᠲᠠ ᠶᠢ | ᠦᠨᠡᠨ ᠬᠦ ᠴᠢᠩᠭᠠᠳᠬᠠᠵᠤ᠂ ᠭᠤᠣᠯ ᠭᠤᠷᠤᠬ᠎ᠠ ᠶᠢᠨ ᠵᠠᠮ ᠤᠨ ᠤᠰᠤᠨ ᠤ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠷᠠᠰᠢᠶᠠᠨ ᠬᠤᠳᠠ ᠶᠢᠨ ᠯᠢᠨ ᠬᠠᠢ ᠵᠡᠭᠡᠯᠢ ᠶᠢᠨ | ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠰᠦᠨ ᠢᠦᠢ ᠵᠢᠴᠢ ᠵᠡᠭᠡᠯᠢ ᠶᠢᠨ ᠠᠵᠢᠯᠲᠠᠳ ᠬᠠᠯᠬ᠎ᠠ ᠭᠤᠣᠯ᠂ | ᠢᠷᠪᠢᠰ ᠵᠢᠯᠠᠭ᠎ᠠ ᠪᠠᠷ ᠭᠤᠣᠯ ᠢ ᠴᠠᠭᠳᠠᠬᠤ ᠠᠵᠢᠯ ᠥᠷᠨᠢᠭᠦᠯᠪᠡ᠃ | ᠲᠣᠰ ᠤᠳᠠᠭ᠎ᠠ ᠭᠤᠤᠯᠳᠠᠭᠤ ᠬᠠᠯᠬ᠎ᠠ ᠭᠤᠤᠯ ᠵᠢᠴᠢ ᠢᠷᠪᠢᠰ ᠵᠢᠯᠠᠭ᠎ᠠ ᠶᠢᠨ ᠡᠷᠭᠢ ᠳᠠᠭᠠᠤ ᠶᠢᠨ ᠪᠠᠶᠢᠳᠠᠯ ᠢ | ᠲᠣᠭᠤᠷᠢᠨ ᠪᠠᠶᠢᠴᠠᠭᠠᠪᠠ᠃ ᠲᠣᠭᠤᠷᠢᠨ ᠪᠠᠶᠢᠴᠠᠭᠠᠬᠤ ᠶᠠᠪᠤᠴᠠ ᠳᠤ ᠭᠤᠤᠯ ᠤᠨ ᠡᠷᠭᠢ ᠳᠠᠭᠠᠤ ᠳᠤ ᠪᠣᠬᠢᠷᠲᠤᠯ | ᠭᠠᠳᠠᠭᠰᠢᠯᠠᠭᠤᠯᠬᠤ᠂ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠭᠰᠠᠨ ᠵᠡᠷᠭᠡ ᠦᠵᠡᠭᠳᠡᠯ | ᠭᠠᠷᠤᠭᠰᠠᠨ ᠥᠬᠡᠶ᠃ | ᠳᠠᠷᠠᠭᠠᠴᠢ ᠶᠢᠨ ᠠᠯᠬᠤᠮ ᠳᠤ᠂ ᠯᠢᠨ ᠬᠠᠢ ᠵᠡᠭᠡᠯᠢ ᠶᠢᠨ ᠬᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠴᠢᠨᠠᠭᠰᠢᠳᠠ ᠴᠢᠩᠭᠠᠳᠬᠠᠵᠤ᠂ ᠭᠤᠣᠯ ᠮᠦᠷᠡᠨ ᠤ ᠳᠠᠷᠤᠭ᠎ᠠ ᠶᠢᠨ ᠳᠦᠷᠢᠮ ᠤᠨ | ᠠᠵᠢᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠭᠤᠣᠯ ᠮᠦᠷᠡᠨ ᠤ ᠳᠠᠷᠤᠭ᠎ᠠ ᠶᠢᠨ ᠳᠦᠷᠢᠮ ᠤᠨ | ᠠᠵᠢᠯ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ︽ᠭᠤᠣᠯ ᠭᠤᠷᠤᠬ᠎ᠠ ᠨᠢ ᠰᠢᠯᠤᠭᠤᠨ᠂ ᠤᠷᠤᠰᠬᠠᠯ ᠤᠰᠤ ᠨᠢ ᠲᠤᠩᠭᠠᠯᠠᠭ᠂ ᠡᠷᠭᠢ ᠬᠠᠪᠢ ᠨᠢ | ᠨᠣᠭᠤᠭᠠᠨ᠂ ᠦᠩᠭᠡ ᠦᠵᠡᠮᠵᠢ ᠨᠢ ᠰᠠᠶᠢᠬᠠᠨ︾ ᠤᠰᠤᠨ ᠤ ᠠᠮᠢ ᠠᠬᠤᠢ ᠣᠷᠴᠢᠨ ᠲᠣᠭᠤᠷᠢᠨ ᠢ ᠰᠠᠶᠢᠳᠤᠷ | ᠪᠠᠶᠢᠭᠤᠯᠤᠨ᠎ᠠ᠃ | | |