ᠸᠧᠨᠴᠢᠤᠸᠠᠨ ᠵᠡᠭᠡᠯᠢ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ ᠴᠡᠭᠴᠡᠯᠡᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2025/3/25
      ᠣᠶᠢᠷ᠎ᠠ ᠳᠤ᠂ ᠷᠠᠰᠢᠶᠠᠨ ᠬᠤᠳᠠ ᠶᠢᠨ ᠸᠧᠨᠴᠢᠤᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠪᠠᠷ ᠭᠠᠷᠳᠠᠴᠠ ᠪᠣᠯᠭᠠᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ ᠴᠡᠭᠴᠡᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠨᠠᠩ ᠴᠡᠪᠡᠷ ᠴᠡᠮᠴᠡᠭᠡᠷ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠪᠠ᠃     ᠲᠤᠰ ᠠᠵᠢᠯᠯᠠᠭ᠎ᠠ  ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠠ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠭᠤᠤᠯ ᠳᠡᠳ᠋ ᠵᠠᠮ᠂  ᠵᠢᠵᠢᠭ ᠭᠤᠳᠤᠮᠵᠢ᠂ ᠨᠣᠭᠤᠭᠠᠷᠠᠭᠤᠯᠤᠯᠲᠠ ᠶᠢᠨ ᠪᠦᠰᠡ ᠵᠡᠷᠭᠡ ᠣᠷᠣᠨ ᠪᠦᠰᠡ ᠶᠢᠨ ᠮᠥᠰᠥ ᠴᠠᠰᠤ ᠶᠢ ᠲᠦᠢᠯᠪᠤᠷᠢᠲᠠᠶ ᠴᠡᠪᠡᠷᠯᠡᠵᠦ᠂ ᠥᠷᠭᠡᠨ ᠣᠯᠠᠨ ᠰᠠᠭᠤᠭᠠᠯᠢ ᠠᠷᠠᠳ ᠤᠨ ᠮᠠᠭᠲᠠᠭᠠᠯ ᠪᠠ ᠨᠤᠲᠠᠯᠠᠯᠲᠠ ᠶᠢ ᠣᠯᠤᠭᠰᠠᠨ ᠪᠠᠶᠢᠨ᠎ᠠ᠃  ᠪᠠᠰᠠ ᠷᠠᠰᠢᠶᠠᠨ ᠬᠤᠲᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠤᠶᠢᠷ᠎ᠠ ᠬᠠᠪᠢ ᠶᠢᠨ ᠮᠥᠰᠥ ᠴᠠᠰᠤ ᠶᠢ ᠴᠡᠪᠡᠷᠯᠡᠵᠦ᠂  ᠪᠠᠭᠰᠢ ᠰᠤᠷᠤᠭᠴᠢᠳ ᠤᠨ ᠶᠠᠪᠤᠵᠤ ᠰᠠᠭᠤᠬᠤ ᠳᠤ ᠲᠦᠭᠦᠮ ᠦᠵᠡᠭᠦᠯᠪᠡ᠃    ᠲᠠᠷᠠᠭᠠᠴᠢ ᠪᠠᠷ᠂ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃   
 
ᠢᠷᠡᠯᠲᠡ᠄ ᠸᠧᠨᠴᠢᠤᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号