ᠡᠷᠬᠢᠮᠲᠦ 2025 ᠣᠨ ᠤ ᠳᠥᠷᠪᠡᠳᠦᠭᠡᠷ ᠤᠳᠠᠭᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/25
    3 ᠰᠠᠷ᠎ᠠ ᠶᠢᠨ 24 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠡᠷᠬᠢᠮᠲᠤ 2025 ᠣᠨ ᠤ ᠳᠥᠷᠪᠡᠳᠦᠭᠡᠷ ᠤᠳᠠᠭᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ︾ ᠶᠢ ᠬᠢᠨᠠᠨ ᠵᠥᠪᠯᠡᠵᠦ ᠪᠠᠲᠤᠯᠠᠭᠠᠳ᠂ ︽ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠲᠤ ᠬᠤᠪᠢᠶᠠᠨ ᠰᠤᠷᠤᠯᠴᠠᠬᠤ ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠵᠤ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠤᠳᠤᠷᠢᠳᠬᠤ ᠪᠠᠭ ᠤᠨ ᠪᠦᠷᠢᠯᠳᠦᠬᠦᠨ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠴᠢᠬᠤᠯᠠᠴᠢᠯᠠᠵᠤ᠂ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ᠂ ᠲᠦᠷᠢᠶᠡᠰᠦᠨ ᠮᠠᠰᠢᠨ ᠲᠡᠷᠭᠡᠨ ᠤ ᠴᠢᠨᠠᠷ ᠰᠠᠶᠢᠲᠠᠢ ᠬᠥᠭᠵᠢᠯᠲᠡ᠂ ᠠᠶᠤᠯᠭᠦᠢ ᠦᠢᠯᠡᠳᠪᠦᠷᠢᠯᠡᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠨ᠂ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂ ᠰᠤᠷᠤᠯᠴᠠᠯᠭ᠎ᠠ ᠬᠥᠮᠦᠵᠢᠯ ᠠᠴᠠ ᠬᠥᠭᠵᠢᠭᠡᠭᠰᠡᠨ ᠠᠵᠢᠯ ᠤᠨ ᠬᠠᠯᠠᠭᠤᠨ ᠰᠡᠳᠬᠢᠯᠭᠡ ᠪᠣᠯᠤᠨ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠶᠢ  ᠦᠨᠡᠨ ᠬᠦ ᠠᠵᠢᠯ ᠬᠢᠵᠦ ᠦᠢᠯᠡᠰ ᠪᠤᠰᠬᠠᠬᠤ᠂ ᠠᠷᠠᠳ ᠲᠦᠮᠡᠨ ᠳᠤ ᠪᠤᠶᠠᠨ ᠦᠢᠯᠡᠳᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠤ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠷᠤᠯᠴᠠᠨ ᠰᠤᠳᠤᠯᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号