| | ᠣᠶᠢᠷ᠎ᠠ ᠳᠤ᠂ ᠠᠩᠬᠠᠳᠠᠭᠴᠢ ︽ᠬᠠᠶᠢᠷ᠎ᠠ ᠬᠠᠯᠠᠮᠵᠢᠳᠤ ᠤᠯᠠᠭ᠎ᠠ ᠥᠷᠲᠡᠭᠡ ᠶᠢᠨ ᠭᠠᠵᠠᠷ ᠤᠨ ᠵᠢᠷᠤᠭ︾ ᠢ | ᠵᠢᠩᠬᠢᠨᠢ ᠪᠠᠷ ᠨᠡᠶᠢᠲᠡᠯᠡᠵᠦ᠂ ᠭᠠᠵᠠᠷ ᠤᠨ ᠵᠢᠷᠤᠭ ᠲᠤ ᠪᠥᠬᠦ ᠤᠯᠤᠰ ᠤᠨ 18 ᠲᠦᠮᠡ ᠭᠠᠷᠤᠶ ᠤᠯᠠᠭ᠎ᠠ | ᠥᠷᠲᠡᠭᠡ ᠶᠢᠨ ᠴᠡᠭ ᠢ ᠤᠷᠤᠭᠤᠯᠵᠤ᠂ ᠲᠤᠭ᠎ᠠ ᠪᠠᠷᠢᠮᠲᠠ ᠶᠢ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ | ᠶᠡᠷᠦᠩᠬᠡᠶ ᠡᠪᠯᠡᠯ ᠠᠴᠠ ᠬᠠᠩᠭᠠᠵᠤ᠂ ᠡᠭᠦᠨ ᠳᠤ ᠭᠤᠤᠯᠳᠠᠭᠤ ᠡᠯ᠎ᠡ ᠭᠠᠵᠠᠷ ᠤᠨ ᠠᠵᠢᠯᠴᠢᠨ ᠤ ᠡᠪᠯᠡᠯ ᠤᠨ | ᠪᠠᠶᠢᠭᠤᠯᠤᠭᠰᠠᠨ ᠤᠯᠠᠭ᠎ᠠ ᠥᠷᠲᠡᠭᠡ᠂ ᠪᠠᠩᠬᠢ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠲᠤᠤᠷ ᠴᠡᠭ᠂ ᠲᠣᠰᠣ | ᠨᠡᠮᠡᠬᠦ ᠥᠷᠲᠡᠭᠡ ᠵᠢᠴᠢ ᠵᠠᠭᠤᠴᠢ ᠺᠤᠮᠫᠠᠨᠢ ᠶᠢᠨ ᠴᠡᠭ ᠵᠡᠷᠭᠡ ᠭᠠᠵᠠᠷ ᠤᠨ ᠪᠠᠶᠢᠷᠢᠯᠠᠯ ᠪᠣᠯᠤᠨ ᠦᠢᠯᠡᠴᠢᠯᠡᠭᠡᠨ ᠤ | ᠲᠤᠨᠤᠭ ᠲᠦᠬᠦᠭᠡᠷᠤᠮᠵᠢ ᠶᠢᠨ ᠮᠡᠳᠡᠭᠡ ᠵᠠᠩᠭᠢ ᠪᠠᠭᠲᠠᠨ᠎ᠠ᠃ | ᠣᠶᠢᠯᠠᠭᠠᠭᠰᠠᠨ ᠢᠶᠠᠷ᠂ ᠲᠣᠰ ᠭᠠᠵᠠᠷ ᠤᠨ ᠵᠢᠷᠤᠭ ᠢ ᠲᠤᠩ ᠰᠢᠶᠦ᠋ᠨ ᠺᠤᠮᠫᠠᠨᠢ ᠠᠴᠠ ᠨᠡᠶᠢᠲᠡᠯᠡᠵᠤ᠂ | ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠣᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠴᠢᠨ᠂ | ᠰᠦᠯᠵᠢᠶ᠎ᠡ ᠪᠠᠷ ᠳᠠᠭᠤᠳᠠᠬᠤ ᠮᠠᠰᠢᠨ ᠲᠡᠷᠭᠡᠨ ᠤ ᠵᠢᠯᠣᠭᠤᠴᠢ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠬᠡᠷ ᠤᠨ | ᠭᠠᠳᠠᠨᠠᠬᠢ ᠬᠥᠳᠡᠯᠮᠦᠷᠢᠴᠢᠳ ᠣᠶᠢᠷ᠎ᠠ ᠬᠠᠪᠢ ᠶᠢᠨ ᠤᠯᠠᠭ᠎ᠠ ᠥᠷᠲᠡᠭᠡ ᠶᠢ ᠲᠦᠷᠭᠡᠨ ᠡᠷᠢᠵᠦ ᠤᠯᠬᠤ᠂ ᠬᠠᠯᠠᠭᠤᠨ | ᠤᠰᠤ ᠤᠤᠭᠤᠬᠤ᠂ ᠴᠠᠬᠢᠯᠭᠠᠨ ᠴᠡᠨᠡᠭᠯᠡᠬᠦ᠂ ᠨᠠᠷᠠ ᠪᠤᠶᠤ ᠪᠣᠷᠣᠭᠠᠨ ᠠᠴᠠ ᠬᠠᠯᠬᠠᠯᠠᠬᠤ ᠵᠡᠷᠭᠡ ᠳᠤ ᠲᠥᠬᠦᠮ | ᠦᠵᠡᠭᠦᠯᠦᠨ᠎ᠠ᠃ | ᠣᠶᠢᠷ᠎ᠠ ᠶᠢᠨ ᠵᠢᠯ ᠤᠳ ᠲᠤ᠂ ᠡᠯ᠎ᠡ ᠱᠠᠲᠤᠨ ᠤ ᠠᠵᠢᠯᠴᠢᠨ ᠤ ᠡᠪᠯᠡᠯ ᠬᠡᠷ ᠤᠨ ᠭᠠᠳᠠᠨᠠᠬᠢ | ᠬᠥᠳᠡᠯᠮᠦᠷᠢᠴᠢᠳ ᠲᠤ ᠬᠠᠨᠳᠤᠭᠤᠯᠤᠭᠰᠠᠨ ᠤᠯᠠᠭ᠎ᠠ ᠥᠷᠲᠡᠭᠡ ᠪᠠᠶᠢᠭᠤᠯᠬᠤ ᠶᠢ ᠶᠡᠭᠡ ᠪᠠᠷ ᠠᠬᠢᠭᠤᠯᠪᠠ᠃ ᠲᠤᠭ᠎ᠠ | ᠪᠦᠷᠢᠳᠭᠡᠯ ᠠᠴᠠ ᠦᠵᠡᠪᠡᠯ᠂ 2024 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ ᠠᠵᠢᠯᠴᠢᠨ ᠤ ᠡᠪᠯᠡᠯ | ᠨᠢᠭᠡᠨᠲᠡ 18.61 ᠲᠦᠮᠡᠨ ᠤᠯᠠᠭ᠎ᠠ ᠦᠷᠳᠡᠭᠡ ᠪᠠᠶᠢᠭᠤᠯᠵᠤ᠂ 1.93 ᠳ᠋ᠦᠩᠰᠢᠭᠤᠷ ᠠᠵᠢᠯᠲᠠᠨ ᠠᠵᠢᠯᠴᠢᠨ ᠳᠤ | ᠦᠢᠯᠡᠴᠢᠯᠡᠵᠦ᠂ ᠡᠳᠦᠷ ᠲᠤ 230.97 ᠲᠦᠮᠡᠨ ᠬᠥᠮᠦᠨ ᠤᠳᠠᠭ᠎ᠠ ᠳᠤ ᠦᠢᠯᠡᠴᠢᠯᠡᠵᠤ᠂ ᠪᠥᠬᠦ ᠵᠢᠯ ᠳᠤ ᠨᠡᠶᠢᠲᠡ | 8 ᠳ᠋ᠦᠩᠰᠢᠭᠤᠷ ᠰᠢᠬᠠᠮ ᠠᠵᠢᠯᠲᠠᠨ ᠠᠵᠢᠯᠴᠢᠨ ᠳᠤ ᠦᠢᠯᠡᠴᠢᠯᠡᠵᠤ ᠪᠠᠶᠢᠨ᠎ᠠ᠃ | ᠣᠳᠣᠬᠠᠨ ᠳᠤ᠂ ᠠᠳᠠᠯᠢ ᠪᠤᠰᠤ ᠬᠤᠲᠠ᠂ ᠣᠷᠣᠨ ᠪᠦᠰᠡ ᠶᠢᠨ ᠤᠯᠠᠭ᠎ᠠ ᠥᠷᠲᠡᠭᠡ ᠶᠢᠨ ᠲᠥᠷᠥᠯ ᠬᠡᠯᠪᠡᠷᠢ᠂ | ᠨᠡᠷ᠎ᠡ᠂ ᠭᠠᠳᠠᠷ ᠪᠠᠶᠢᠳᠠᠯ ᠨᠢ ᠪᠦᠷ ᠠᠳᠠᠯᠢ ᠥᠬᠡᠶ ᠪᠠᠶᠢᠵᠤ᠂ ᠣᠯᠠᠩᠬᠢ ᠶᠢ ᠨᠢ ᠭᠠᠵᠠᠷ ᠤᠨ ᠵᠢᠷᠤᠭ ᠳᠡᠭᠡᠷ᠎ᠡ ᠠᠴᠠ | ᠡᠷᠢᠵᠦ ᠤᠯᠬᠤ ᠥᠬᠡᠶ ᠪᠠᠶᠢᠨ᠎ᠠ᠂ ᠡᠭᠦᠨ ᠤ ᠬᠠᠮᠲᠤ ᠬᠡᠰᠡᠭ ᠤᠯᠠᠭ᠎ᠠ ᠥᠷᠲᠡᠭᠡ ᠶᠢ ᠪᠠᠩᠬᠢ᠂ ᠡᠮ ᠤᠨ ᠳᠡᠯᠭᠡᠭᠦᠷ᠂ | ᠬᠡᠷ ᠪᠠᠶᠢᠰᠢᠩ ᠤᠨ ᠵᠠᠭᠤᠴᠢ ᠳᠤ ᠪᠠᠶᠢᠭᠤᠯᠵᠤ ᠬᠦᠮᠦᠰ ᠡᠷᠢᠵᠤ ᠤᠯᠬᠤ ᠳᠤ ᠬᠦᠴᠢᠷ ᠪᠠᠶᠢᠨ᠎ᠠ᠃ ︽ᠬᠠᠶᠢᠷ᠎ᠠ | ᠬᠠᠯᠠᠮᠵᠢᠳᠤ ᠤᠯᠠᠭ᠎ᠠ ᠥᠷᠲᠡᠭᠡ ᠶᠢᠨ ᠭᠠᠵᠠᠷ ᠤᠨ ᠵᠢᠷᠤᠭ︾ ᠢ ᠦᠨᠳᠦᠰᠦᠯᠡᠪᠡᠯ᠂ ᠬᠡᠷ ᠤᠨ ᠭᠠᠳᠠᠨᠠᠬᠢ | ᠬᠥᠳᠡᠯᠮᠦᠷᠢᠴᠢᠳ ᠣᠶᠢᠷ᠎ᠠ ᠬᠠᠪᠢ ᠳᠠᠬᠢ ᠤᠯᠠᠭ᠎ᠠ ᠥᠷᠲᠡᠭᠡ ᠶᠢ ᠲᠦᠷᠭᠡᠨ ᠡᠷᠢᠵᠦ ᠪᠣᠯᠤᠨ᠎ᠠ᠂ ᠡᠭᠦᠨ ᠳᠤ 24 | ᠴᠠᠭ ᠤᠨ ᠤᠯᠠᠭ᠎ᠠ ᠥᠷᠲᠡᠭᠡ ᠮᠥᠨ ᠡᠰᠡᠬᠦ᠂ ᠤᠯᠠᠭ᠎ᠠ ᠥᠷᠲᠡᠭᠡ ᠳᠤ ᠤᠰᠤᠨ ᠤ ᠮᠠᠰᠢᠨ᠂ ᠴᠠᠬᠢᠯᠭᠠᠨ ᠴᠡᠨᠡᠭᠯᠡᠬᠦᠷ᠂ | ᠠᠭᠠᠷ ᠲᠣᠬᠢᠷᠠᠭᠤᠯᠤᠭᠴᠢ᠂ ᠲᠦᠷᠭᠡᠨ ᠠᠪᠤᠷᠠᠯᠳᠠ ᠶᠢᠨ ᠬᠡᠷᠡᠭᠰᠡᠯ᠂ ᠡᠮ ᠡᠮᠨᠡᠯᠭᠡ ᠶᠢᠨ ᠬᠠᠶᠢᠷᠴᠠᠭ ᠵᠡᠷᠭᠡ | ᠲᠥᠬᠦᠭᠡᠷᠦᠮᠵᠢ ᠪᠤᠶᠤ ᠴᠢᠳᠠᠮᠵᠢ ᠪᠠᠶᠢᠬᠤ ᠡᠰᠡᠬᠦ ᠶᠢ ᠪᠠᠶᠢᠴᠠᠭᠠᠨ ᠦᠵᠡᠵᠦ ᠪᠣᠯᠤᠨ᠎ᠠ᠃ ᠭᠠᠵᠠᠷ ᠤᠨ ᠵᠢᠷᠤᠭ ᠢ | ᠵᠢᠷᠬᠢᠶ᠎ᠡ ᠠᠴᠠ ︽ᠲᠤᠩ ᠰᠢᠶᠦ᠋ᠨ ᠭᠠᠵᠠᠷ ᠤᠨ ᠵᠢᠷᠤᠭ︾ ᠢ ᠨᠡᠬᠡᠬᠡᠭᠡᠳ ︽ᠤᠯᠠᠭ᠎ᠠ ᠦᠷᠳᠡᠭᠡ ᠶᠢᠨ ᠭᠠᠵᠠᠷ ᠵᠢᠷᠤᠭ︾ | ᠢ ᠳᠤᠶᠤᠭᠠᠳ ᠤᠷᠤᠵᠤ ᠪᠤᠯᠤᠨ᠎ᠠ᠂ ᠪᠠᠰᠠ ᠲᠤᠩ ᠰᠢᠶᠦ᠋ᠨ ᠭᠠᠵᠠᠷ ᠤᠨ ᠵᠢᠷᠤᠭ ᠤᠨ ᠵᠢᠵᠢᠭ ᠫᠷᠤᠭ᠍ᠷᠠᠮ ᠤᠨ | ᠲᠦᠷᠦᠭᠦᠦ ᠨᠢᠭᠤᠷ ᠤᠨ ︽ᠬᠠᠶᠢᠷ᠎ᠠ ᠬᠠᠯᠠᠮᠵᠢᠳᠤ ᠤᠯᠠᠭ᠎ᠠ ᠥᠷᠲᠡᠭᠡ︾᠂ ᠲᠤᠩ ᠰᠢᠶᠦ᠋ᠨ ᠭᠠᠵᠠᠷ ᠤᠨ ᠵᠢᠷᠤᠭ ᠤᠨ | App ᠶᠢᠨ ︽ᠬᠠᠶᠢᠷ᠎ᠠ ᠬᠠᠯᠠᠮᠵᠢᠳᠤ ᠤᠯᠠᠭ᠎ᠠ ᠥᠷᠲᠡᠭᠡ︾ ᠪᠠᠷ ᠤᠷᠤᠵᠤ ᠪᠣᠯᠤᠨ᠎ᠠ᠃ | |