ᠦ᠋ ᠴᠠ ᠭᠸᠤ ᠪᠠᠯᠭᠠᠰᠤᠨ ᠤ ᠨᠠᠮ ᠤᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/26
      3 ᠰᠠᠷ᠎ᠠ ᠶᠢᠨ 24 ᠤ ᠡᠳᠦᠷ᠂  ᠷᠠᠰᠢᠶᠠᠨ ᠬᠤᠳᠠ ᠶᠢᠨ ᠦ᠋ ᠴᠠ ᠭᠸᠤ ᠪᠠᠯᠭᠠᠰᠤᠨ ᠤ ᠨᠠᠮ ᠤᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠩ ᠰᠦᠩ ᠬᠤᠷᠠᠯ ᠢ ᠡᠷᠬᠢᠯᠡᠵᠦ᠂ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃     ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠡᠤ ᠴᠠ ᠭᠸᠦ ᠪᠠᠯᠭᠠᠰᠤᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ︾ ᠪᠠ ︽ᠡᠤ ᠴᠠ ᠭᠸᠦ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾ ᠶᠢ ᠬᠢᠨᠠᠨ ᠵᠥᠪᠯᠡᠵᠦ ᠪᠠᠲᠤᠯᠠᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ  ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠨᠢᠭᠡ ᠳᠤ᠂ ᠲᠠᠨᠢᠯᠲᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠪᠠᠨ ᠴᠢᠩᠭᠠᠳᠬᠠᠬᠤ ᠬᠡᠷᠡᠭᠲᠡᠢ ᠃ ᠤᠳᠤᠷᠢᠳᠬᠤ ᠺᠠᠳ᠋ᠷ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦᠭᠦᠯᠡᠨ ᠰᠤᠷᠤᠯᠴᠠᠵᠤ ᠰᠤᠳᠤᠯᠤᠨ ᠶᠠᠷᠢᠯᠴᠠᠬᠤ ᠠᠵᠢᠯ ᠢ ᠥᠷᠨᠢᠭᠦᠯᠵᠦ᠂ ᠪᠠᠶᠢᠩᠭᠤᠵᠢᠭᠰᠠᠨ ᠰᠤᠷᠤᠯᠴᠠᠯᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ ᠦᠨᠳᠦᠰᠦᠨ ᠱᠠᠲᠤᠨ ᠤ ᠨᠠᠮ ᠤᠨ ᠡᠭᠦᠷ ᠢᠶᠠᠷ ᠵᠢᠭᠰᠠᠭᠠᠯ ᠤᠨ ᠭᠠᠵᠠᠷ ᠪᠣᠯᠭᠠᠵᠤ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠠᠷᠭ᠎ᠠ ᠬᠡᠯᠪᠡᠷᠢ ᠪᠠᠷ ᠤᠭ ᠵᠣᠬᠢᠶᠠᠯ ᠤᠨ ᠤᠭ ᠶᠣᠰᠣ ᠶᠢ ᠣᠨᠣᠪᠴᠢᠲᠠᠢ ᠡᠵᠡᠮᠳᠡᠵᠦ᠂ ᠭᠤᠣᠯ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠤᠷᠤᠯᠴᠠᠵᠤ ᠲᠦᠷᠦᠭᠳᠡᠯ ᠢᠶᠠᠨ ᠰᠣᠯᠢᠯᠴᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠤᠶᠠᠷ ᠲᠤ᠂  ᠬᠠᠷᠭᠤᠭᠤᠯᠤᠨ ᠪᠠᠶᠢᠴᠠᠭᠠᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠬᠡᠷᠡᠭᠲᠡᠢ᠃ ᠪᠠᠯᠭᠠᠰᠤᠨ ᠤ ᠤᠳᠤᠷᠢᠳᠬᠤ ᠺᠠᠳ᠋ᠷ ᠲᠦᠷᠦᠭᠦᠯᠡᠨ ᠴᠢᠩᠭ᠎ᠠ ᠪᠠᠶᠢᠴᠠᠭᠠᠨ ᠦᠵᠡᠵᠦ ᠲᠤᠩᠭᠠᠨ ᠪᠣᠳᠣᠯᠬᠢᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠪᠠᠭᠤᠷᠠᠢ ᠭᠤᠭᠴᠤᠭ᠎ᠠ ᠶᠢ ᠪᠦᠬᠦ ᠲᠠᠯ᠎ᠠ ᠪᠠᠷ ᠭᠦᠨᠵᠡᠭᠡᠢ ᠡᠷᠢᠵᠦ᠂ ᠠᠰᠠᠭᠤᠳᠠᠯ ᠤᠨ ᠢᠯᠡᠷᠡᠯ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠭᠡᠷᠡᠴᠢ ᠪᠣᠯᠬᠤ ᠠᠵᠢᠯ ᠤᠨ ᠡᠬᠡ ᠲᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠦᠴᠦᠨ ᠲᠠᠢ ᠬᠤᠭᠤᠴᠠᠭ᠎ᠠ ᠤᠯᠬᠤ ᠶᠢ  ᠦᠨᠡᠨ ᠬᠦ ᠠᠬᠢᠭᠤᠯᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠵᠦ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠬᠥᠮᠦᠵᠢᠭᠦᠯᠬᠦ ᠬᠡᠷᠡᠭᠲᠡᠢ᠃ ᠭᠤᠷᠪᠠ ᠳᠤ᠂ ᠲᠦᠷᠢᠮ ᠢ ᠲᠡᠭᠦᠯᠳᠡᠷᠵᠢᠭᠦᠯᠵᠦ᠂ ᠬᠡᠷᠡᠭᠵᠢᠭᠦᠯᠦᠯᠲᠡ ᠶᠢ ᠴᠢᠩᠭᠠᠳᠬᠠᠬᠤ ᠬᠡᠷᠡᠭᠲᠡᠢ᠃ ᠲᠦᠷᠢᠮ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠡᠭᠦᠳᠡ ᠪᠠᠨ ᠨᠡᠭᠡᠭᠡᠬᠦ ᠰᠤᠷᠭᠠᠨ ᠬᠥᠮᠦᠵᠢᠯ ᠤᠨ ᠳᠤᠮᠳᠠᠬᠢ ᠰᠤᠷᠲᠠᠯ ᠤᠨ ᠪᠠᠶᠢᠭᠤᠯᠤᠯᠲᠠ ᠶᠢᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ ᠲᠦᠷᠢᠮ ᠤᠨ ᠦᠷ᠎ᠡ ᠪᠦᠲᠦᠭᠡᠯ ᠪᠣᠯᠭᠠᠨ ᠪᠠᠬᠢᠵᠢᠭᠦᠯᠵᠦ᠂ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠤᠷᠲᠠᠯ ᠢᠶᠠᠨ ᠬᠤᠪᠢᠷᠠᠭᠤᠯᠬᠤ ᠬᠡᠷᠡᠭᠲᠡᠶ᠃ ᠪᠦᠬᠦ ᠪᠠᠯᠭᠠᠰᠤ ᠪᠠᠷ ᠢᠶᠠᠨ ᠰᠤᠷᠤᠯᠴᠠᠯᠭ᠎ᠠ ᠬᠥᠮᠦᠵᠢᠯ ᠢ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠢ ᠤᠶᠠᠯᠳᠤᠭᠤᠯᠵᠤ᠂ ᠪᠦᠬᠦ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠬᠠᠷᠠᠯᠲᠠ ᠶᠢ ᠪᠡᠶᠡᠯᠡᠭᠦᠯᠬᠦ ᠲᠠᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠴᠤᠭᠴᠠᠵᠢᠭᠤᠯᠤᠨ ᠬᠦᠴᠦᠯᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠦᠬᠦ ᠪᠠᠯᠭᠠᠰᠤᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ  ᠭᠡᠵᠤ ᠴᠢᠬᠤᠯᠠᠴᠢᠯᠠᠪᠠ᠃
 
ᠢᠷᠡᠯᠲᠡ᠄ ᠦ᠋ ᠴᠠ ᠭᠸᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号