| | ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠠᠮ ᠤᠨ | ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠶ ᠥᠷᠨᠢᠬᠦᠯᠬᠦ ᠶᠢᠨ ᠲᠥᠯᠥᠭᠡ᠂ 3 ᠰᠠᠷ᠎ᠠ ᠶᠢᠨ 12 ᠤᠨ ᠡᠳᠦᠷ᠂ | ᠷᠠᠰᠢᠶᠠᠨ ᠬᠤᠳᠠ ᠶᠢᠨ ᠮᠢᠩ ᠱᠦᠶ ᠾᠧ ᠪᠠᠯᠭᠠᠰᠤ 2025 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠤᠳᠤᠷᠢᠳᠬᠤ ᠪᠠᠭ ᠤᠨ | ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠢᠴᠢ ᠨᠠᠮ ᠤᠨ ᠠᠵᠢᠯ ᠤᠨ ᠠᠵᠢᠯᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠩ ᠲᠡᠷᠢᠭᠦᠨ ᠳᠤ ︽ᠷᠠᠰᠢᠶᠠᠨ ᠬᠤᠲᠠ ᠶᠢᠨ 2025 ᠣᠨ ᠤ ᠵᠣᠬᠢᠶᠠᠨ | ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾ ᠶᠢ ᠤᠯᠠᠮᠵᠢᠯᠠᠨ ᠰᠤᠷᠤᠯᠴᠠᠪᠠ᠃ ᠬᠤᠷᠠᠯ ᠳᠤ ᠣᠷᠣᠯᠴᠠᠭᠰᠠᠳ | ᠭᠤᠤᠯᠳᠠᠯᠭ᠎ᠠ ᠳᠠᠬᠢ ᠭᠤᠤᠯ ᠠᠭᠤᠯᠭ᠎ᠠ ᠪᠠ ᠵᠠᠩᠭᠢᠯᠠᠭ᠎ᠠ ᠶᠢᠨ ᠡᠭᠦᠷᠭᠡ ᠶᠢᠨ ᠲᠣᠭᠤᠷᠢᠨ ᠳᠤ ᠭᠦᠨᠵᠡᠭᠡᠶ ᠵᠠᠳᠠᠯᠤᠯᠲᠠ | ᠬᠢᠵᠦ᠂ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠬᠦ ᠪᠠᠷ ᠴᠢᠷᠮᠠᠶᠢᠪᠠ᠃ ᠬᠤᠷᠠᠯ ᠠᠴᠠ ᠪᠦᠬᠦ | ᠤᠳᠤᠷᠢᠳᠬᠤ ᠪᠠᠭ ᠤᠨ ᠪᠦᠷᠢᠯᠳᠦᠬᠦᠨ ᠢ ︽ᠭᠤᠣᠯᠳᠠᠯᠭ᠎ᠠ︾ ᠶᠢᠨ ᠤᠬᠢ ᠰᠣᠳᠣ ᠶᠢ ᠭᠦᠨᠵᠡᠭᠡᠢ ᠣᠶᠢᠯᠠᠭᠠᠵᠤ᠂ | ᠲᠡᠭᠦᠨ ᠢ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠵᠢᠯᠯᠠᠭᠠᠨ ᠤ ᠵᠦᠭᠯᠡᠭᠦᠷ ᠪᠣᠯᠭᠠᠵᠤ᠂ ᠡᠯ᠎ᠡ | ᠵᠦᠢᠯ ᠤᠨ ᠠᠵᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠢ ᠰᠢᠤᠸᠠᠢ ᠳ᠋ᠦᠩ ᠬᠤᠷᠠᠯ ᠳᠡᠭᠡᠷ᠎ᠡ 2025 ᠣᠨ ᠤ | ᠨᠠᠮ ᠤᠨ ᠪᠠᠶᠢᠭᠤᠯᠤᠯᠲᠠ ᠶᠢᠨ ᠠᠵᠢᠯ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠲᠡᠷᠡ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ | ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠠᠯᠭᠠᠰᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | |