| ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠬᠤᠷᠢᠶ᠎ᠠ ᠶᠢᠨ ᠵᠢᠱᠢᠯᠲᠡ ᠪᠠᠷ᠂ ᠡᠨᠡ ᠬᠠᠪᠤᠷ ᠪᠦᠬᠦ | ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ 4.9 — 85.9 ᠮᠢᠯᠢᠮᠧᠲᠷ ᠤᠨ ᠬᠤᠭᠤᠷᠣᠨᠳᠣ ᠪᠠᠶᠢᠵᠤ᠂ ᠬᠥᠯᠥᠨ | ᠪᠤᠶᠢᠷ ᠬᠤᠲᠠ᠂ ᠤᠯᠠᠭᠠᠨᠴᠠᠪ ᠬᠤᠲᠠ ᠶᠢᠨ ᠡᠮᠦᠨ᠎ᠠ ᠪᠡᠶ᠎ᠠ᠂ ᠬᠥᠬᠡᠬᠤᠲᠠ ᠶᠢᠨ ᠳᠤᠮᠳᠠ ᠪᠡᠶ᠎ᠠ ᠶᠢᠨ ᠡᠮᠦᠨ᠎ᠠ ᠬᠡᠰᠡᠭ᠂ | ᠪᠤᠭᠤᠲᠤ ᠬᠤᠲᠠ ᠶᠢᠨ ᠡᠮᠦᠨ᠎ᠠ ᠪᠡᠶ᠎ᠠ᠂ ᠣᠷᠳᠣᠰ ᠬᠤᠳᠠ᠂ ᠦᠬᠠᠶ ᠬᠤᠳᠠ ᠪᠣᠯᠤᠨ ᠠᠯᠠᠱᠠ ᠠᠶᠢᠮᠠᠭ ᠤᠨ ᠵᠡᠭᠦᠨ | ᠡᠮᠦᠨ᠎ᠠ ᠪᠡᠶ᠎ᠠ ᠶᠢᠨ ᠬᠤᠷ᠎ᠠ ᠲᠤᠨᠳᠠᠰᠤᠨ ᠤ ᠬᠡᠮᠵᠢᠶ᠎ᠡ ᠡᠩ ᠤᠨ ᠵᠢᠯ ᠤᠨ ᠬᠢ ᠠᠴᠠ ᠬᠠᠷᠢᠴᠠᠩᠭᠤᠢ ᠢᠯᠡᠭᠦᠦ ᠪᠠᠶᠢᠵᠤ᠂ | ᠪᠤᠰᠤᠳ ᠭᠠᠵᠠᠷ ᠤᠨ ᠬᠤᠷ᠎ᠠ ᠲᠤᠨᠳᠠᠰᠤᠨ ᠤ ᠬᠡᠮᠵᠢᠶ᠎ᠡ ᠡᠩ ᠤᠨ ᠵᠢᠯ ᠤᠨ ᠬᠢ ᠠᠴᠠ ᠬᠠᠷᠢᠴᠠᠩᠭᠤᠢ ᠪᠠᠭ᠎ᠠ ᠪᠤᠯᠤᠨ᠎ᠠ᠃ | | ᠵᠢᠱᠢᠯᠲᠡ ᠪᠠᠷ᠂ ᠡᠨᠡ ᠬᠠᠪᠤᠷ ᠪᠦᠬᠦ ᠣᠷᠣᠨ ᠤ ᠳᠤᠮᠳᠠᠴᠢ ᠠᠭᠠᠷ ᠤᠨ ᠳᠤᠯᠠᠭᠠᠨ - 0.2 — 13.1 | ᠭᠷᠠᠳᠦ᠋ᠰ ᠤᠨ ᠬᠤᠭᠤᠷᠣᠨᠳᠣ ᠪᠠᠶᠢᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ | ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠪᠣᠯᠤᠨ ᠤᠯᠠᠭᠠᠨᠴᠠᠪ ᠬᠤᠲᠠ ᠶᠢᠨ ᠳᠤᠮᠳᠠᠴᠢ ᠠᠭᠠᠷ ᠤᠨ | ᠳᠤᠯᠠᠭᠠᠨ ᠡᠩ ᠤᠨ ᠵᠢᠯ ᠤᠨ ᠬᠢ ᠠᠴᠠ 12 ᠭᠷᠠᠳᠦ᠋ᠰ ᠥᠨᠳᠥᠷ ᠪᠠᠶᠢᠵᠤ᠂ ᠪᠤᠰᠤᠳ ᠭᠠᠵᠠᠷ ᠤᠨ ᠳᠤᠮᠳᠠᠴᠢ | ᠠᠭᠠᠷ ᠤᠨ ᠳᠤᠯᠠᠭᠠᠨ ᠡᠩ ᠤᠨ ᠵᠢᠯ ᠤᠨ ᠬᠢ ᠠᠴᠠ 0 — 1 ᠭᠷᠠᠳᠦ᠋ᠰ ᠥᠨᠳᠥᠷ ᠪᠤᠯᠤᠨ᠎ᠠ᠃ | ᠵᠠᠳᠠᠯᠤᠯᠲᠠ ᠶᠢ ᠦᠨᠳᠦᠰᠦᠯᠡᠪᠡᠯ᠂ ᠡᠨᠡ ᠬᠠᠪᠤᠷ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ | ᠬᠤᠲᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠶᠢᠨ ᠬᠤᠶᠢᠲᠤ ᠪᠡᠶ᠎ᠠ᠂ ᠪᠤᠭᠤᠲᠤ ᠬᠤᠲᠠ ᠶᠢᠨ | ᠬᠤᠶᠢᠲᠤ ᠪᠡᠶ᠎ᠠ᠂ ᠪᠠᠶᠠᠨᠨᠠᠭᠤᠷ ᠬᠤᠲᠠ ᠪᠣᠯᠤᠨ ᠠᠯᠠᠱᠠ ᠠᠶᠢᠮᠠᠭ ᠤᠨ ᠪᠠᠷᠠᠭᠤᠨ ᠪᠡᠶ᠎ᠠ᠂ ᠬᠤᠶᠢᠳᠤ ᠪᠡᠶ᠎ᠠ ᠳᠤ ᠬᠤᠷ᠎ᠠ | ᠲᠤᠨᠳᠠᠰᠤ ᠪᠠᠭ᠎ᠠ᠂ ᠠᠭᠠᠷ ᠤᠨ ᠳᠤᠯᠠᠭᠠᠨ ᠥᠨᠳᠥᠷ ᠪᠠᠶᠢᠵᠤ᠂ ᠱᠠᠲᠤᠴᠢ ᠴᠢᠨᠠᠷᠲᠠᠶ ᠭᠠᠩ ᠤᠨ ᠪᠠᠶᠢᠳᠠᠯ ᠡᠭᠦᠰᠴᠤ | ᠮᠡᠳᠡᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠭᠠᠩ ᠬᠠᠭᠰᠠᠷᠠᠭᠠᠨ ᠤ ᠬᠥᠭᠵᠢᠯᠲᠡ ᠶᠢ ᠴᠠᠭ ᠲᠤᠬᠠᠶ ᠳᠤᠨᠢ | ᠠᠩᠬᠠᠷᠴᠤ᠂ ᠭᠠᠩ ᠬᠠᠭᠰᠠᠷᠠᠭᠠᠨ ᠤ ᠲᠠᠷᠢᠶᠠᠯᠠᠩ ᠦᠢᠯᠡᠳᠪᠦᠷᠢᠯᠡᠯ ᠳᠤ ᠦᠵᠡᠭᠦᠯᠬᠦ ᠨᠥᠯᠥᠭᠡ ᠶᠢ ᠰᠡᠷᠭᠡᠶᠢᠯᠡᠬᠦ | ᠴᠢᠬᠤᠯᠠᠲᠠᠢ ᠪᠠᠶᠢᠨ᠎ᠠ᠃ |