ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠰᠤ ᠶᠢ ᠠᠷᠪᠢᠯᠠᠨ ᠭᠠᠮᠨᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/27
      ᠦᠪᠡᠷᠳᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢᠨ ᠨᠢᠭᠡ ᠪᠤᠯᠬᠤ ᠤᠰᠤ ᠠᠷᠪᠢᠯᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠤ᠂ ᠬᠠᠷᠢᠶ᠎ᠡ ᠤᠷᠤᠨ ᠤ ᠰᠠᠭᠤᠭᠠᠯᠢ ᠠᠷᠠᠳ ᠢᠳᠡᠪᠬᠢᠳᠡᠢ ᠬᠦᠳᠡᠯᠦᠯᠴᠡᠨ ᠣᠰᠣᠨ ᠤ ᠡᠬᠢ ᠰᠣᠷᠪᠣᠯᠵᠢ ᠶᠢ ᠨᠠᠨᠳᠢᠩᠨᠠᠵᠦ᠂ ᠣᠰᠣᠨ ᠤ ᠣᠷᠴᠢᠨ ᠲᠣᠭᠤᠷᠢᠨ ᠢ ᠬᠠᠮᠠᠭᠠᠯᠠᠬᠤ ᠶᠢ ᠰᠠᠨᠠᠭᠠᠴᠢᠯᠠᠬᠤ ᠶᠢᠨ ᠲᠦᠯᠦᠭᠡ᠂ 3 ᠰᠠᠷ᠎ᠠ ᠶᠢᠨ 21 ᠤ ᠡᠳᠦᠷ᠂ ᠷᠠᠰᠢᠶᠠᠨ ᠬᠤᠳᠠ ᠶᠢᠨ ᠢᠷᠪᠢᠰ ᠵᠡᠭᠡᠯᠢ ᠶᠢᠨ ᠨᠦᠮᠦᠷᠭᠡᠨ ᠨᠠᠶᠢᠭᠡᠮ ᠲᠣᠭᠤᠷᠢᠭ᠂ ︽ᠠᠮᠢ ᠨᠠᠰᠤᠨ ᠤ ᠡᠬᠢ ᠰᠤᠷᠪᠤᠯᠵᠢ ᠶᠢ ᠨᠠᠨᠳᠢᠩᠨᠠᠨ  ᠣᠰᠣ ᠠᠷᠪᠢᠯᠠᠬᠤ ᠰᠢᠨ᠎ᠡ ᠰᠣᠷᠳᠠᠯ ᠢ ᠦᠢᠯᠡᠳᠦᠯᠭᠡᠵᠢᠭᠦᠯᠤᠶ᠎ᠡ︾ ᠭᠡᠬᠦ ᠭᠤᠤᠯ ᠰᠡᠳᠤᠪᠳᠤ ᠠᠵᠢᠯᠯᠠᠭ᠎ᠠ ᠶᠢ ᠦᠷᠨᠢᠬᠦᠯᠪᠡ᠃ ᠷᠠᠰᠢᠶᠠᠨ ᠬᠤᠲᠠ ᠶᠢᠨ ᠹᠧᠩ ᠱᠧᠩ ᠶᠤᠸᠠᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ᠂ ᠷᠠᠰᠢᠶᠠᠨ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ᠂ ᠷᠠᠰᠢᠶᠠᠨ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ ᠬᠠᠷᠢᠶ᠎ᠠ ᠣᠷᠣᠨ ᠳᠤ ᠰᠠᠭᠤᠭ᠎ᠠ ᠪᠠᠶᠢᠭᠤᠯᠭ᠎ᠠ ᠨᠢᠭᠡᠴᠢ ᠢᠳᠡᠪᠬᠢᠲᠡᠢ ᠣᠷᠣᠯᠴᠠᠵᠤ᠂ ᠠᠵᠢᠯᠯᠠᠭ᠎ᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ᠃     ᠲᠤᠰ ᠠᠵᠢᠯᠯᠠᠭ᠎ᠠ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ ᠠᠵᠢᠯᠲᠠᠳ ᠬᠠᠮᠲᠤ ᠪᠠᠷ ᠲᠣᠮᠣ ᠬᠡᠯᠪᠡᠷᠢ ᠶᠢᠨ ᠪᠠᠷᠢᠮᠲᠠᠲᠤ ᠺᠢᠨᠣ᠋ ︽ᠤᠰᠤ ᠵᠠᠰᠠᠭᠰᠠᠨ ᠲᠡᠮᠳᠡᠭᠯᠡᠯ︾ ᠢ ᠰᠣᠨᠢᠷᠬᠠᠪᠠ᠃ ᠡᠨᠡ ᠨᠢ ᠠᠵᠢᠯᠯᠠᠭ᠎ᠠ  ᠳᠤ ᠤᠷᠤᠯᠴᠠᠭᠰᠠᠳ ᠲᠤ ᠤᠰᠤᠨ ᠤ ᠡᠬᠢ ᠪᠠᠶᠠᠯᠢᠭ ᠤᠨ ᠪᠠᠶᠢᠳᠠᠯ ᠤᠨ ᠲᠤᠬᠠᠶ ᠲᠠᠨᠢᠯᠲᠠ  ᠶᠢ ᠭᠦᠨᠵᠡᠭᠡᠶᠢᠷᠡᠭᠦᠯᠵᠤ᠂ ᠣᠯᠠᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠵᠣᠷᠢᠭ ᠢ ᠬᠥᠭᠵᠢᠭᠡᠪᠡ᠃ ᠪᠠᠰᠠ ᠨᠡᠶᠢᠭᠡᠮ ᠲᠣᠭᠤᠷᠢᠭ ᠤᠨ ᠱᠦᠵᠢ ︽ᠠᠷᠠᠳ ᠢᠷᠭᠡᠳ ᠤᠨ ᠤᠰᠤ ᠶᠢ ᠠᠷᠪᠢᠯᠠᠵᠤ ᠬᠡᠷᠡᠭᠯᠡᠬᠦ ᠦᠢᠯᠡ ᠠᠵᠢᠯᠯᠠᠭ᠎ᠠ ᠶᠢᠨ ᠵᠢᠷᠤᠮᠵᠢᠯ︾ ᠢ ᠲᠠᠶᠢᠯᠪᠤᠷᠢᠯᠠᠨ ᠦᠭᠴᠤ᠂ ᠰᠠᠭᠤᠭᠠᠯᠢ ᠠᠷᠠᠳ ᠲᠠᠢ ᠠᠮᠢᠳᠤᠷᠠᠯ ᠤᠨ ᠳᠤᠮᠳᠠᠬᠢ ᠤᠰᠤ ᠠᠷᠪᠢᠯᠠᠬᠤ ᠰᠠᠶᠢᠨ ᠠᠷᠭ᠎ᠠ  ᠪᠠᠨ ᠬᠤᠪᠢᠶᠠᠯᠴᠠᠨ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠠᠮᠲᠤᠪᠠᠷ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠤ ᠰᠠᠨᠠᠭᠠᠴᠢᠯᠠᠪᠠ᠃    ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠤᠰᠤ ᠠᠷᠪᠢᠯᠠᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠵᠤ᠂ ᠤᠰᠤᠨ ᠤ ᠡᠬᠢ ᠪᠠᠶᠠᠯᠢᠭ ᠢ  ᠬᠠᠮᠠᠭᠠᠯᠠᠬᠤ ᠤᠬᠠᠮᠰᠠᠷ ᠢ ᠨᠢ ᠲᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号