ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠷᠠᠰᠢᠶᠠᠨ ᠬᠢᠯᠢ ᠶᠢᠨ ᠬᠠᠮᠢᠶᠠᠷᠤᠯᠲᠠ ᠶᠢᠨ | ᠶᠡᠭᠡ ᠠᠩᠭᠢ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠦᠢᠯᠡᠳᠦᠯᠭᠡᠵᠢᠭᠦᠯᠵᠦ᠂ | ᠲᠣᠤᠷᠵᠢᠭᠤᠯᠤᠭᠴᠢ᠂ ᠲᠦᠷᠭᠡᠨ ᠬᠦᠷᠭᠡᠭᠴᠢ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠵᠡᠷᠭᠡ ᠨᠡᠶᠢᠭᠡᠮ ᠤᠨ | ᠬᠦᠴᠦᠨ ᠢ ᠡᠮᠬᠢᠯᠡᠨ ᠨᠡᠶᠢᠯᠡᠭᠦᠯᠵᠦ᠂ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢᠨ ᠠᠮᠤᠷ ᠢ ᠬᠠᠮᠠᠭᠠᠯᠠᠬᠤ | ᠬᠠᠮᠲᠤᠷᠠᠨ ᠰᠡᠷᠭᠡᠶᠢᠯᠡᠬᠦ ᠨᠡᠶᠢᠭᠡᠮᠯᠢᠭ ᠢ ᠪᠠᠶᠢᠭᠤᠯᠤᠬᠰᠠᠨ ᠪᠠᠶᠢᠨ᠎ᠠ᠃ ᠤᠳᠤ᠂ ᠳᠤᠰ ᠨᠡᠶᠢᠭᠡᠮᠯᠢᠭ ᠨᠢ ᠤᠤᠯ ᠤᠨ 75 | ᠬᠡᠰᠢᠬᠦᠨ ᠲᠠᠢ ᠪᠠᠶᠢᠭᠰᠠᠨ ᠠᠴᠠ ᠪᠠᠨ ᠨᠡᠮᠡᠭᠳᠡᠬᠡᠳ 1047 ᠬᠡᠰᠢᠬᠦᠨ ᠲᠠᠢ ᠪᠤᠯᠵᠦ ᠪᠤᠵᠠᠭᠠᠶᠢᠷᠠᠨ᠂ ᠪᠦᠬᠦ ᠨᠡᠶᠢᠭᠡᠮ ᠤᠨ | ᠠᠮᠤᠷ ᠳᠤᠬᠳᠠᠭᠤᠨ ᠢ ᠬᠠᠮᠠᠭᠠᠯᠠᠬᠤ᠂ ᠵᠦᠷᠢᠴᠡᠯ ᠵᠢᠭᠤᠷᠠᠯᠳᠤᠭᠠᠨ ᠢ ᠢᠯᠡᠷᠡᠬᠦᠯᠤᠨ ᠠᠷᠢᠯᠭᠠᠬᠤ ᠪᠠ ᠦᠵᠡᠮᠵᠢ ᠶᠢᠨ ᠤᠷᠤᠨ ᠤ | ᠠᠮᠤᠷ ᠲᠦᠪᠰᠢᠨ ᠢ ᠬᠠᠮᠠᠭᠠᠯᠠᠬᠤ ᠵᠡᠷᠭᠡ ᠡᠬᠦᠷᠭᠡ ᠶᠢ ᠡᠬᠦᠷᠭᠡᠯᠡᠵᠦ᠂ ᠪᠦᠬᠦ ᠬᠤᠳᠠ ᠶᠢᠨ ᠴᠢᠨᠠᠷ ᠰᠠᠶᠢᠳᠠᠢ ᠬᠦᠭᠵᠢᠯᠳᠠ ᠳᠤ | ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠵᠦ ᠪᠠᠶᠢᠨ᠎ᠠ᠃ | ︽ᠲᠠ ᠠᠭᠤᠷ ᠬᠢᠯᠢᠩ ᠢᠶᠠᠨ ᠳᠠᠷᠤᠵᠦ᠂ ᠭᠡᠷᠡᠭ ᠶᠠᠪᠤᠳᠠᠯ ᠢᠶᠠᠨ ᠨᠢᠮᠪᠠᠢ ᠶᠠᠷᠢᠭᠠᠷᠠᠢ︾ ᠭᠡᠵᠦ ᠴᠠᠰᠤᠳᠦ ᠬᠤᠳᠠ ᠶᠢᠨ | ᠵᠢᠷᠤᠮ ᠤᠨ ᠴᠠᠬᠳᠠᠭ᠎ᠠ ᠵᠠᠩ ᠢᠤᠢ ᠬᠤᠨᠭ᠌ ᠨᠢᠭᠡᠨ ᠬᠦᠯᠤᠰᠤᠨ ᠠᠵᠢᠯᠴᠢᠨ ᠤ ᠴᠠᠯᠢᠩ ᠮᠦᠡᠭᠬᠦ ᠠᠴᠠ ᠪᠤᠯᠤᠬᠰᠠᠨ ᠵᠦᠷᠢᠴᠡᠯ | ᠵᠢᠭᠤᠷᠠᠯᠳᠤᠭᠠᠨ ᠢ ᠬᠦᠯᠢᠶᠡᠨ ᠠᠪᠴᠦ ᠳᠤᠬᠠᠢ ᠶᠢᠨ ᠬᠦᠮᠦᠨ ᠠᠴᠠ ᠪᠠᠶᠢᠳᠡᠯ ᠢ ᠨᠢ ᠤᠶᠢᠯᠠᠭᠠᠵᠠᠢ᠃ ᠳᠡᠷᠡ᠂ ᠳᠤᠬᠠᠢ ᠶᠢᠨ | ᠬᠦᠮᠦᠨ ᠠᠴᠠ ᠤᠶᠢᠯᠠᠭᠠᠬᠰᠠᠨ ᠮᠡᠳᠡᠭᠡ ᠵᠠᠩᠬᠢ ᠪᠠᠨ ᠨᠠᠷᠢᠯᠢᠬ ᠳᠠᠩᠰᠠᠯᠠᠨ ᠳᠡᠮᠳᠡᠭᠯᠡᠬᠦ ᠶᠢᠨ ᠬᠠᠮᠳᠦ ᠠᠷᠠᠳ ᠤᠨ | ᠴᠠᠭᠳᠠᠭ᠎ᠠ ᠲᠠᠢ ᠬᠤᠯᠪᠣᠭᠠᠯᠠᠨ ᠳᠤᠬᠠᠢ ᠶᠢᠨ ᠭᠠᠵᠠᠷ ᠢᠶᠠᠷ ᠶᠠᠪᠤᠵᠦ ᠰᠤᠷᠪᠤᠯᠵᠢᠯᠠᠨ᠂ ᠵᠦᠷᠢᠴᠡᠯ ᠵᠢᠭᠤᠷᠠᠯᠳᠤᠭᠠᠨ ᠤ ᠡᠬᠢ | ᠡᠬᠦᠰᠤᠯ ᠢ ᠳᠤᠳᠤᠯᠠᠵᠦ᠂ ᠠᠮᠵᠢᠯᠳᠠ ᠲᠠᠢ ᠪᠠᠷ ᠵᠦᠷᠢᠴᠡᠯ ᠢ ᠰᠶᠢᠳᠪᠦᠷᠢᠯᠡᠭᠰᠡᠨ ᠪᠠᠶᠢᠨ᠎ᠠ᠃ ︽ᠴᠠᠰᠤᠲᠤ ᠬᠤᠲᠠ ᠶᠢᠨ | ᠵᠢᠷᠤᠮ ᠤᠨ ᠴᠠᠭᠳᠠᠭ᠎ᠠ︾ ᠨᠢ ᠡᠶᠡᠳᠡᠬᠦᠯᠬᠦ ᠳᠡᠭᠡᠨ ᠴᠢᠳᠠᠮᠠᠭᠠᠢ᠂ ᠳᠤᠬᠠᠢ ᠶᠢᠨ ᠭᠠᠵᠠᠷ ᠤᠨ ᠢᠶᠠᠨ ᠪᠠᠶᠢᠳᠡᠯ ᠢ ᠰᠠᠶᠢᠳᠤᠷ | ᠤᠶᠢᠯᠠᠭᠠᠬᠤ ᠳᠠᠪᠠᠭᠤᠯᠢᠭ ᠢᠶᠠᠨ ᠠᠰᠢᠭᠯᠠᠨ᠂ 2024 ᠣᠨ ᠳᠤ 300 ᠵᠦᠷᠢᠴᠡᠯ ᠵᠢᠭᠤᠷᠠᠯᠳᠤᠭᠠᠨ ᠢ ᠢᠯᠡᠷᠡᠬᠦᠯᠤᠨ | ᠨᠠᠮᠳᠠᠭᠤᠯᠵᠤ᠂ 90% ᠠᠴᠠ ᠳᠡᠭᠡᠭᠰᠢᠬᠢ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠦᠶ᠎ᠠ ᠳᠤᠨᠢ ᠠᠷᠢᠯᠭᠠᠪᠠ᠃ | ︽ᠣᠯᠠᠨ ᠲᠦᠮᠡᠨ ᠵᠠᠷᠢᠮ ᠵᠢᠵᠢᠭ ᠰᠠᠵᠢᠬ ᠵᠦᠷᠢᠴᠡᠯ ᠵᠢᠭᠤᠷᠠᠯᠳᠤᠭᠠᠨ ᠢ ᠴᠠᠬᠳᠠᠭ᠎ᠠ ᠳᠤ ᠮᠡᠳᠡᠬᠦᠯᠬᠦ ᠦᠭᠡᠢ ᠪᠠᠶᠢᠳᠠᠬ | ᠂ ᠭᠡᠳᠡᠯ᠎ᠠ ᠤᠶᠢᠷ᠎ᠠ ᠬᠠᠪᠢ ᠶᠢᠨ ᠵᠢᠷᠤᠮ ᠤᠨ ᠴᠠᠬᠳᠠᠭ᠎ᠠ ᠳᠤ ᠭᠤᠮᠤᠳᠠᠯ ᠢᠶᠠᠨ ᠳᠤᠭᠠᠴᠢᠵᠦ ᠬᠠᠪᠰᠤᠷᠤᠮᠵᠢ ᠳᠡᠮᠵᠢᠯᠭᠡ | ᠤᠯᠬᠤ ᠶᠢ ᠬᠦᠰᠡᠳᠡᠭ︾ ᠭᠡᠵᠦ ᠷᠠᠰᠢᠶᠠᠨ ᠬᠢᠯᠢ ᠶᠢᠨ ᠬᠠᠮᠢᠶᠠᠷᠤᠯᠳᠠ ᠶᠢᠨ ᠶᠡᠭᠡ ᠠᠩᠬᠢ ᠶᠢᠨ ᠵᠢᠭᠠᠨ ᠵᠢᠯᠤᠭᠤᠳᠤᠬᠴᠢ | ᠶᠠᠷᠢᠯ᠎ᠠ᠃ | ︽ᠰᠤᠷᠤᠭᠴᠢ ᠶᠢ ᠬᠠᠮᠠᠭᠠᠯᠠᠬᠤ ᠠᠵᠢᠯ ᠤᠨ ᠪᠠᠶᠢᠷᠢ︾ ᠶᠢ ᠪᠠᠳᠦ ᠰᠠᠬᠢᠵᠦ᠂ ᠪᠠᠭᠰᠢ ᠰᠤᠷᠤᠬᠴᠢ ᠶᠢᠨ ᠶᠠᠪᠤᠵᠦ | ᠰᠠᠭᠤᠬᠤ ᠳᠤ ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠨ᠎ᠠ᠃ ᠵᠢᠷᠭᠤᠭᠠᠨ ᠵᠢᠯ ᠤᠨ ᠲᠤᠷᠰᠢ᠂ ᠴᠠᠰᠤᠳᠦ ᠬᠤᠳᠠ ᠶᠢᠨ | ᠵᠢᠷᠤᠮ ᠤᠨ ᠴᠠᠬᠳᠠᠭ᠎ᠠ ᠨᠡᠶᠢᠲᠡ 1.3 ᠲᠦᠮᠡᠨ ᠤᠳᠠᠭ᠎ᠠ ᠰᠤᠷᠤᠬᠴᠢ ᠶᠢ ᠬᠠᠮᠠᠭᠠᠯᠠᠬᠤ ᠠᠵᠢᠯᠯᠠᠭ᠎ᠠ ᠦᠷᠨᠢᠬᠦᠯᠵᠦ᠂ | ᠭᠡᠷ ᠠᠴᠠ ᠪᠠᠨ ᠰᠠᠯᠵᠦ ᠶᠠᠪᠤᠬᠰᠠᠨ ᠪᠠ ᠲᠦᠭᠡᠷᠢᠭᠰᠡᠨ 17 ᠬᠡᠦᠬᠡᠳ ᠢ ᠠᠮᠵᠢᠯᠳᠠ ᠲᠠᠢ ᠪᠠᠷ ᠡᠷᠢᠨ ᠠᠪᠴᠢᠷᠠᠵᠦ᠂ | ᠰᠤᠷᠭᠠᠭᠤᠯᠢ ᠶᠢᠨ ᠬᠦᠷᠢᠶᠡᠨ ᠳᠤ ᠡᠰᠠ ᠡ᠊ᠨᠳᠡᠯ ᠭᠠᠷᠬᠤ ᠶᠢ ᠪᠡᠶᠡᠯᠡᠬᠦᠯᠵᠠᠢ᠃ ᠳᠡᠳᠡ ᠨᠢᠭᠡ ᠳᠠᠯ᠎ᠠ ᠪᠠᠷ ᠰᠤᠷᠭᠠᠭᠤᠯᠢ ᠶᠢᠨ | ᠤᠶᠢᠷᠠᠯᠴᠠᠭᠠᠬᠢ ᠠᠮᠤᠷ ᠲᠦᠪᠰᠢᠨ ᠢ ᠪᠠᠳᠤᠯᠠᠵᠦ᠂ ᠴᠠᠬᠳᠠᠭ᠎ᠠ ᠲᠠᠢ ᠬᠠᠮᠵᠢᠯᠴᠠᠨ ᠳᠤᠭᠤᠷᠢᠨ ᠪᠠᠶᠢᠴᠠᠭᠠᠯᠳᠠ ᠬᠢᠬᠦ᠂ ᠳᠡᠷᠭᠡ | ᠬᠦᠰᠭᠡ ᠶᠢ ᠡᠵᠡᠮᠳᠡᠨ ᠬᠠᠮᠢᠶᠠᠷᠬᠤ ᠵᠡᠷᠭᠡ ᠠᠵᠢᠯ ᠢ ᠦᠷᠨᠢᠬᠦᠯᠵᠦ᠂ ᠨᠦᠬᠦᠭᠡ ᠳᠠᠯ᠎ᠠ ᠪᠠᠷ ᠪᠠᠰᠠ ᠭᠡᠷ ᠤᠨ ᠠᠬᠠᠮᠠᠳ ᠢ | ᠬᠠᠪᠰᠤᠷᠤᠨ ᠭᠡᠤᠭᠡᠳ ᠳᠤᠰᠴᠦ ᠭᠡᠷ ᠲᠤᠨᠢ ᠬᠦᠷᠭᠡᠵᠦ᠂ ᠪᠠᠭᠰᠢ ᠰᠤᠷᠤᠬᠴᠢ ᠭᠡᠷ ᠤᠨ ᠠᠬᠠᠮᠠᠳ ᠤᠨ ᠬᠠᠮᠤᠬ ᠤᠨ ︽ | ᠳᠤᠳᠤᠨᠤ︾ ᠬᠦᠮᠦᠰ ᠪᠤᠯᠤᠭᠰᠠᠨ ᠪᠠᠶᠢᠨ᠎ᠠ᠃ | ︽ᠰᠢᠶᠤᠤ ᠵᠤᠤ᠂ ᠨᠠᠮ᠎ᠠ ᠶᠢ ᠬᠠᠪᠰᠤᠷᠤᠨ ᠴᠠᠬᠢᠯᠭᠠᠨ ᠤ ᠰᠦᠢᠳᠭᠡᠯ ᠳᠤᠰᠢᠶᠠᠨ ᠦᠭᠬᠦ ᠪᠤᠯᠪᠠ ᠤᠤ︾ ᠭᠡᠵᠦ | ᠭᠠᠭᠴᠠᠭᠠᠷ ᠢᠶᠠᠨ ᠠᠮᠢᠳᠤᠷᠠᠵᠦ ᠪᠠᠶᠢᠭ᠎ᠠ ᠸᠠᠩ ᠨᠠᠰᠤᠳᠠᠨ ᠬᠠᠷᠢᠶ᠎ᠠ ᠳᠤᠭᠤᠷᠢᠬ ᠤᠨ ᠵᠢᠷᠤᠮ ᠤᠨ ᠴᠠᠬᠳᠠᠭ᠎ᠠ ᠰᠢᠶᠤᠤ ᠵᠤᠤ ᠳᠤ | ᠤᠳᠠᠰᠦ ᠠᠪᠴᠦ ᠬᠠᠪᠰᠤᠷᠤᠮᠵᠢ ᠭᠤᠶᠤᠴᠢᠯᠠᠨ᠎ᠠ᠃ ︽ᠴᠠᠰᠦᠳᠦ ᠬᠤᠳᠠ ᠶᠢᠨ ᠵᠢᠷᠤᠮ ᠤᠨ ᠴᠠᠬᠳᠠᠭ᠎ᠠ︾ ᠬᠠᠷᠢᠶᠠᠲᠤ | ᠣᠷᠣᠨ ᠤ ᠥᠨᠳᠥᠷ ᠨᠠᠰᠤᠲᠠᠶ ᠨᠠᠰᠤᠲᠠᠶᠢᠴᠤᠳ ᠤᠨ ᠶᠠᠪᠤᠵᠤ ᠰᠠᠭᠤᠬᠤ ᠳᠤ ᠲᠦᠬᠦᠮ ᠦᠭᠡᠢ ᠪᠠᠶᠢᠳᠡᠯ ᠳᠤ ᠴᠢᠭᠯᠡᠭᠦᠯᠦᠨ᠂ | ︽ᠰᠡᠳᠭᠢᠯ ᠢ ᠳᠤᠯᠠᠭᠠᠴᠠᠭᠤᠯᠬᠤ ᠣᠷᠣᠯᠠᠨ ᠭᠦᠢᠴᠡᠳᠭᠡᠬᠦ︾ ᠦᠢᠯᠡᠴᠢᠯᠡᠭᠡ ᠭᠠᠷᠭᠠᠵᠤ᠂ ᠨᠠᠰᠤᠳᠠᠶᠢᠴᠤᠳ ᠢ ᠬᠠᠪᠰᠤᠷᠤᠨ | ᠤᠰᠤ ᠴᠠᠬᠢᠯᠭᠠᠨ ᠤ ᠰᠦᠢᠳᠭᠡᠯ ᠢ ᠨᠡᠶᠢᠲᠡ 2600 ᠭᠠᠷᠤᠶ ᠤᠳᠠᠭ᠎ᠠ ᠣᠷᠣᠯᠠᠨ ᠲᠤᠰᠢᠶᠠᠵᠤ᠂ 470 ᠤᠳᠠᠭ᠎ᠠ ᠡᠮ | ᠬᠦᠷᠭᠡᠬᠦ ᠦᠢᠯᠡᠴᠢᠯᠡᠭᠡ ᠬᠠᠨᠭ᠍ᠭᠠᠪᠠ᠃ ︽ᠰᠢᠯᠵᠢᠮᠡᠯ ᠦᠢᠯᠡᠴᠢᠯᠡᠭᠡᠨ ᠤ ᠥᠷᠲᠡᠭᠡ︾ ᠪᠠᠷ ᠳᠠᠮᠵᠢᠨ ᠵᠢᠭᠤᠯᠴᠢᠯᠠᠬᠴᠢᠳ ᠲᠤ | ᠬᠠᠯᠠᠭᠤᠮᠰᠤᠬ ᠦᠢᠯᠡᠴᠢᠯᠡᠭᠡ ᠦᠵᠡᠬᠦᠯᠵᠦ᠂ ᠭᠡᠭᠡᠭᠰᠡᠨ ᠡᠳ᠋ ᠪᠤᠳᠠᠰ ᠢ ᠨᠢ ᠡᠷᠢᠨ ᠤᠯᠬᠤ᠂ ᠡᠪᠳᠡᠷᠡᠭᠰᠡᠨ ᠳᠡᠷᠭᠡ ᠬᠦᠰᠭᠡ ᠶᠢ | ᠵᠠᠰᠠᠬᠤ᠂ ᠲᠦᠭᠡᠷᠢᠭᠰᠡᠨ ᠪᠠᠭᠠᠴᠤᠳ ᠭᠡᠤᠭᠡᠳ ᠢ ᠬᠠᠪᠰᠤᠷᠤᠨ ᠡᠷᠢᠬᠦ ᠵᠡᠷᠭᠡ ᠦᠢᠯᠡᠴᠢᠯᠡᠭᠡ ᠪᠠᠷ ᠵᠢᠭᠤᠯᠴᠢᠯᠠᠬᠴᠢᠳ ᠤᠨ | ᠬᠠᠯᠠᠭᠤᠨ ᠬᠦᠷᠢᠶᠡᠯᠡᠯ ᠢ ᠤᠯᠵᠠᠢ᠃ | ᠤᠷᠤᠰᠢᠨ ᠰᠠᠭᠤᠷᠢᠰᠢᠬᠤ ᠭᠡᠷ ᠤᠷᠤᠨ ᠢᠶᠠᠨ ᠬᠠᠮᠠᠭᠠᠯᠠᠬᠤ ᠠᠵᠢᠯ ᠢ ᠪᠠᠶᠢᠡᠭᠭᠤᠵᠢᠭᠤᠯᠤᠨ ᠦᠷᠨᠢᠬᠦᠯᠵᠦ᠂ ᠨᠡᠶᠢᠭᠡᠮ | ᠳᠤᠭᠤᠷᠢᠬ ᠤᠨ ᠵᠠᠰᠠᠯᠳᠠ ᠳᠤ ᠬᠦᠴᠦᠨ ᠨᠡᠮᠡᠷᠢᠯᠡᠪᠡ᠃ ︽ᠴᠠᠰᠤᠳᠦ ᠬᠤᠳᠠ ᠶᠢᠨ ᠵᠢᠷᠤᠮ ᠤᠨ ᠴᠠᠬᠳᠠᠭ᠎ᠠ︾ ᠶᠢᠨ | ᠨᠡᠶᠢᠭᠡᠮᠯᠢᠭ ᠠᠴᠠ ᠳᠤᠬᠳᠠᠭᠰᠠᠨ ᠬᠤᠭᠤᠴᠠᠭ᠎ᠠ ᠲᠠᠢ ᠪᠠᠷ ᠠᠮᠢᠳᠤᠷᠠᠯ ᠤᠨ ᠤᠷᠴᠢᠨ ᠳᠤᠭᠤᠷᠢᠨ ᠢ ᠴᠡᠭᠴᠡᠯᠡᠨ | ᠰᠠᠶᠢᠵᠢᠷᠠᠭᠤᠯᠬᠤ ᠠᠵᠢᠯᠯᠠᠭ᠎ᠠ ᠦᠷᠨᠢᠬᠦᠯᠵᠦ᠂ ᠪᠠᠭ᠎ᠠ ᠳᠤᠭᠤᠷᠢᠬ ᠤᠨ ᠬᠤᠷᠠᠮᠠᠯ ᠴᠠᠰᠦ ᠶᠢ ᠠᠷᠢᠯᠭᠠᠬᠤ᠂ ᠵᠠᠮ ᠢ ᠴᠡᠪᠡᠷᠯᠡᠬᠦ᠂ | ᠬᠠᠶᠠᠬᠳᠠᠮᠠᠯ ᠡᠳ᠋ ᠪᠤᠳᠠᠰ ᠢ ᠠᠷᠢᠯᠭᠠᠬᠤ ᠵᠡᠷᠭᠡ ᠪᠠᠷ ᠳᠠᠮᠵᠢᠨ ᠨᠡᠶᠢᠭᠡᠮ ᠳᠤᠭᠤᠷᠢᠬ ᠤᠨ ᠵᠠᠰᠠᠯᠳᠠ ᠳᠤ ᠤᠷᠤᠯᠴᠠᠵᠦ ᠪᠤᠢ᠃ | ᠳᠡᠳᠡᠨᠠᠷ ᠬᠤᠬ ᠨᠤᠪᠰᠢ ᠶᠢ ᠴᠡᠪᠡᠷᠯᠡᠬᠦ ᠠᠵᠢᠯ ᠢ 430 ᠭᠠᠷᠤᠢ ᠤᠳᠠᠭ᠎ᠠ ᠦᠷᠨᠢᠬᠦᠯᠵᠦ᠂ ᠳᠤᠭᠤᠢ ᠳᠡᠷᠭᠡ ᠴᠠᠬᠢᠯᠭᠠᠨ | ᠬᠦᠳᠡᠯᠭᠡᠬᠦᠷᠳᠦ ᠳᠡᠷᠭᠡ ᠶᠢ ᠨᠡᠶᠢᠳᠡ 1.2 ᠲᠦᠮᠡᠨ ᠤᠳᠠᠭ᠎ᠠ ᠵᠢᠷᠤᠮᠵᠢᠭᠤᠯᠤᠨ ᠵᠤᠬᠰᠤᠭᠠᠵᠦ᠂ ᠠᠶᠤᠯ ᠲᠦᠭᠰᠢᠬᠦᠷᠢ ᠶᠢᠨ | ᠭᠡᠮ ᠰᠤᠭᠤᠬ ᠢ ᠨᠡᠶᠢᠳᠡ 240 ᠤᠳᠠᠭ᠎ᠠ ᠠᠷᠢᠯᠭᠠᠬᠰᠠᠨ ᠪᠠᠶᠢᠨ᠎ᠠ᠃ ᠡᠬᠦᠨ ᠤ ᠳᠠᠭᠠᠤ᠂ ᠨᠡᠶᠢᠭᠡᠮ ᠳᠤᠭᠤᠷᠢᠬ ᠪᠤᠯᠤᠨ | ᠦᠵᠡᠮᠵᠢ ᠶᠢᠨ ᠤᠷᠤᠨ ᠳᠤ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ᠂ ᠮᠡᠭᠡᠯᠡᠯ ᠢ ᠰᠡᠷᠭᠡᠶᠢᠯᠡᠬᠦ ᠤᠬᠠᠭᠤᠯᠭ᠎ᠠ ᠪᠠ | ᠡᠷᠡᠬᠦᠯ ᠬᠠᠮᠠᠭᠠᠯᠠᠯ ᠡᠷᠡᠬᠦᠯ ᠮᠠᠨᠳᠦ ᠶᠢᠨ ᠤᠬᠠᠭᠤᠯᠭ᠎ᠠ ᠵᠡᠷᠭᠡ ᠶᠢ ᠦᠷᠨᠢᠬᠦᠯᠪᠡ᠃ | ᠷᠠᠰᠢᠶᠠᠨ ᠬᠤᠳᠠ ᠶᠢᠨ ︽ᠴᠠᠰᠤᠳᠦ ᠬᠤᠳᠠ ᠶᠢᠨ ᠵᠢᠷᠤᠮ ᠤᠨ ᠴᠠᠬᠳᠠᠭ᠎ᠠ︾ ᠦᠪᠡᠷ ᠤᠨ ᠬᠦᠴᠦᠨ ᠴᠢᠳᠡᠯ ᠢᠶᠠᠨ | ᠬᠠᠷᠠᠮ ᠦᠭᠡᠢ ᠪᠠᠷ ᠪᠦᠬᠦ ᠬᠤᠳᠠ ᠶᠢᠨ ᠨᠡᠶᠢᠭᠡᠮ ᠠᠵᠦ ᠠᠬᠤᠢ ᠶᠢᠨ ᠪᠦᠳᠦᠭᠡᠨ ᠪᠠᠶᠢᠭᠤᠯᠤᠯᠳᠠ ᠳᠤ ᠠᠭᠤᠰᠬᠠᠵᠦ᠂ ᠡᠭᠡ | ᠤᠯᠤᠰ ᠤᠨ ᠤᠮᠠᠷᠠᠳᠦ ᠬᠢᠯᠢ ᠶᠢᠨ ᠠᠮᠤᠷ ᠳᠤᠬᠳᠠᠭᠤᠨ ᠳᠤ ᠴᠢᠩᠭ᠎ᠠ ᠬᠦᠴᠤᠳᠠᠢ ᠪᠠᠳᠤᠯᠠᠭ᠎ᠠ ᠬᠠᠨᠭ᠍ᠭᠠᠨ᠎ᠠ᠃ · ᠶᠠᠩ ᠫᠸᠢ | ᠵᠢᠶᠧ · | |