| | 3 ᠰᠠᠷ᠎ᠠ ᠶᠢᠨ 25 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ | ᠵᠢᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠲᠦᠷᠢᠶᠡᠰᠦᠨ ᠮᠠᠰᠢᠨ ᠲᠡᠷᠭᠡᠨ ᠤ ᠠᠵᠢᠯ | ᠲᠥᠷᠥᠯ ᠤᠨ ᠵᠢᠷᠤᠮᠵᠢᠭᠤᠨ ᠬᠥᠭᠵᠢᠯᠲᠡ᠂ ᠵᠢᠶᠠᠨ ᠺᠠᠩ ᠭᠦ᠋ ᠴᠠᠰᠤᠨ ᠳᠠᠬᠢ ᠴᠡᠨᠡᠯᠡᠯᠳᠠ ᠶᠢᠨ ᠲᠠᠯᠠᠪᠠᠶ ᠶᠢᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠤᠴᠢᠷ ᠶᠠᠪᠤᠳᠠᠯ ᠢ ᠰᠤᠳᠤᠯᠬᠤ ᠶᠢᠨ ᠬᠠᠮᠲᠤ | ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠴᠢᠩᠭ᠎ᠠ ᠠᠳᠬᠤᠬᠤ ᠠᠰᠢᠭᠲᠠᠢ ᠠᠵᠠ | ᠲᠣᠬᠢᠶᠠᠯ ᠢ ᠴᠢᠩᠭ᠎ᠠ ᠠᠳᠬᠤᠵᠤ᠂ ᠵᠠᠰᠠᠭ ᠤᠨ ᠣᠷᠳᠣᠨ ᠤ ᠬᠥᠲᠥᠯᠥᠨ ᠳᠠᠭᠠᠭᠤᠯᠬᠤ ᠪᠠ ᠵᠠᠬ᠎ᠠ ᠳᠡᠯᠭᠡᠭᠦᠷ ᠤᠨ | ᠲᠣᠭᠲᠠᠴᠠ ᠶᠢᠨ ᠤᠶᠢᠯᠡᠳᠤᠯ ᠢ ᠭᠦᠢᠴᠡᠳ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠶᠢ ᠴᠢᠩᠭᠠᠳᠬᠠᠵᠤ᠂ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶ᠎ᠡ ᠶᠢ ᠠᠭᠤᠰᠤᠯᠴᠠᠭᠤᠯᠬᠤ ᠠᠵᠢᠯ ᠢ ᠤᠯᠠᠮ | ᠴᠢᠨᠠᠭᠰᠢᠳᠠ ᠠᠬᠢᠭᠤᠯᠵᠤ᠂ ᠲᠦᠷᠢᠶᠡᠰᠦᠨ ᠮᠠᠰᠢᠨ ᠤ ᠠᠵᠢᠯ ᠲᠥᠷᠥᠯ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ | ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠤᠷᠢᠯᠡᠵᠤ᠂ ᠤᠶᠢᠯᠡᠴᠢᠯᠡᠭᠡᠨ ᠤ ᠲᠦᠪᠰᠢᠨ ᠢᠶᠠᠨ ᠦᠷᠭᠦᠯᠵᠢᠯᠡᠨ | ᠳᠡᠭᠡᠭᠰᠢᠯᠡᠭᠦᠯᠵᠦ᠂ ︽ᠤᠯᠤᠰ ᠤᠨ ᠳᠣᠲᠣᠭᠠᠳᠤ ᠳᠤ ᠲᠡᠷᠢᠭᠦᠨ ᠲᠠᠰ ᠤᠨ᠂ ᠳᠡᠯᠡᠬᠡᠶ ᠳᠤ ᠠᠯᠳᠠᠷᠲᠠᠶ︾ ᠵᠢᠭᠤᠯᠴᠢᠯᠠᠯ | ᠠᠮᠠᠷᠠᠯᠲᠠ ᠶᠢᠨ ᠬᠤᠲᠠ ᠶᠢ ᠪᠥᠲᠥᠭᠡᠨ ᠪᠠᠶᠢᠭᠤᠯᠬᠤ ᠳᠤ ᠰᠠᠨᠠᠭ᠎ᠠ ᠠᠮᠤᠷ᠂ ᠲᠠᠭᠠᠯᠠᠮᠵᠢᠲᠠᠶ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ᠃ ᠷᠠᠰᠢᠶᠠᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠵᠢᠶᠠᠨ ᠺᠠᠩ ᠭᠦ᠋ ᠴᠠᠰᠤᠨ | ᠳᠠᠬᠢ ᠴᠡᠨᠡᠯᠡᠯᠳᠠ ᠶᠢᠨ ᠲᠠᠯᠠᠪᠠᠶ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠥᠰᠦᠯ ᠢ ᠤᠯᠠᠮ ᠨᠢᠭᠡ | ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ | ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠴᠡᠨᠡᠯᠡᠯᠳᠠ ᠶᠢᠨ ᠲᠠᠯᠠᠪᠠᠶ ᠶᠢᠨ | ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠥᠰᠥ ᠴᠠᠰᠤᠨ ᠤ ᠵᠢᠭᠤᠯᠴᠢᠯᠠᠯ ᠤᠨ | ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠷᠠᠰᠢᠶᠠᠨ ᠤ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠤᠨ | ᠬᠠᠮᠳᠤᠷᠠᠯ ᠬᠦᠴᠦᠨ ᠢ ᠪᠦᠷᠢᠯᠳᠦᠭᠦᠯᠵᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠪᠠᠯᠠ ᠮᠥᠩᠭᠦ | ᠂ ᠭᠠᠵᠠᠷ ᠰᠢᠷᠣᠶ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠬᠦᠴᠦᠲᠡᠶ ᠠᠬᠢᠭᠤᠯᠵᠤ᠂ ᠡᠷᠲᠡᠬᠡᠨ ᠠᠰᠢᠭᠯᠠᠯᠲᠠ ᠳᠤ | ᠣᠷᠣᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠳᠠ ᠶᠢᠨ ᠤᠳᠤᠷᠢᠳᠤᠯᠭ᠎ᠠ ᠡᠷᠬᠢᠮᠲᠦ᠂ ᠰᠦᠨ ᠪᠠᠢ ᠴᠤᠸᠠᠨ᠂ ᠲᠠᠢ ᠬᠠᠢ ᠹᠧᠩ᠂ ᠪᠠᠢ ᠹᠧᠩ᠂ ᠯᠢᠦ ᡁᠢ | ᠴᠢᠶᠠᠩ᠂ ᠸᠠᠩ ᠬᠠᠢ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | |