ᠷᠠᠰᠢᠶᠠᠨ ᠬᠤᠲᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 95 ᠳ᠋ᠤᠭᠠᠷ ᠬᠤᠷᠠᠯ ᠵᠢᠴᠢ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
    3 ᠰᠠᠷ᠎ᠠ ᠶᠢᠨ 25 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 95 ᠳ᠋ᠤᠭᠠᠷ ᠤᠳᠠᠭᠠᠨ ᠤ ᠬᠤᠷᠠᠯ ᠵᠢᠴᠢ ᠬᠢᠨᠠᠨ ᠪᠤᠳᠤᠬᠤ ᠵᠦᠪᠯᠡᠯ ᠤᠨ ᠲᠠᠪᠤᠳᠤᠭᠠᠷ ᠤᠳᠠᠭᠠᠨ ᠤ ᠬᠤᠷᠠᠯ᠂ ᠴᠢᠳᠠᠪᠤᠷᠢᠳᠠᠨ ᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠦᠪ ᠬᠤᠷᠢᠶ᠎ᠠ ᠵᠢᠴᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠲᠦᠪᠯᠡᠷᠡᠬᠦᠯᠦᠨ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠢ ᠦᠷᠨᠢᠭᠦᠯᠦᠭᠰᠡᠨ ᠪᠠᠶᠢᠳᠠᠯ ᠢ ᠰᠤᠨᠤᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂  ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠳᠡᠮᠵᠢᠯᠭᠡ ᠬᠠᠩᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠲᠦᠷᠦ ᠶᠢᠨ ᠨᠠᠮ ᠤᠨ ᠵᠥᠪᠯᠡᠬᠦ ᠲᠥᠯᠥᠪᠯᠡᠭᠡ︾ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠳᠬᠡᠨ ᠠᠬᠢᠭᠤᠯᠤᠨ᠂ ᠠᠵᠢᠯ ᠤᠨ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ︽ᠨᠢᠭᠡ ᠠᠰᠠᠭᠤᠳᠠᠯ ᠨᠢᠭᠡ ᠲᠥᠰᠦᠯ︾ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠬᠤᠳᠠ ᠶᠢᠨ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠡᠷᠡᠰ ᠬᠠᠮᠠᠭᠠᠯᠠᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮ ᠢ ᠲᠦᠷᠭᠡᠳᠭᠡᠨ ᠲᠡᠭᠦᠯᠳᠡᠷᠵᠢᠭᠦᠯᠵᠦ᠂ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠪᠦᠷᠢᠨᠰᠢᠬᠦᠯᠵᠤ᠂ ᠬᠢᠨᠠᠨ ᠪᠤᠳᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ︽ᠡᠷᠬᠢᠨ ᠬᠠᠷᠠᠬᠤ︾ ᠠᠵᠢᠯ ᠢ ᠴᠠᠭ ᠲᠤᠬᠠᠢ ᠳᠤᠨᠢ ᠰᠠᠶᠢᠲᠤᠷ ᠥᠷᠨᠢᠭᠦᠯᠵᠦ᠂ ᠴᠢᠨᠠᠷ ᠰᠠᠶᠢᠲᠠᠢ ᠬᠢᠨᠠᠨ ᠪᠤᠳᠤᠬᠤ ᠬᠢᠨᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠣᠯᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠬᠦ ᠬᠥᠮᠦᠵᠢᠯ ᠤᠨ ᠤᠳᠠᠭ᠎ᠠ ᠶᠢ ᠨᠢᠭᠲᠠᠷᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠦᠨᠡᠨ ᠬᠦ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠳᠡᠭᠡᠷᠡᠬᠢ ᠰᠦᠨ ᠱᠤᠤ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠠᠵᠢᠯ ᠤᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠠᠵᠢᠯ ᠢ ᠰᠠᠨᠠᠭᠠᠴᠢᠯᠠᠭ᠎ᠠ ᠠᠴᠠ ᠪᠠᠨ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠳᠤ ᠠᠭᠤᠰᠤᠯᠴᠠᠭᠤᠯᠵᠤ᠂ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠨ ᠤᠶᠢᠯᠡᠳᠤᠯ ᠢ ᠭᠦᠢᠴᠡᠳ ᠪᠠᠳᠠᠷᠠᠭᠤᠯᠵᠤ ᠂ ᠠᠵᠢᠯ ᠢᠶᠠᠨ ᠬᠦᠴᠦᠷᠬᠡᠭᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠵᠣᠭᠰᠣᠴᠠ᠂ ᠥᠨᠳᠥᠷ ᠪᠠᠷᠢᠮᠵᠢᠶ᠎ᠠ᠂ ᠥᠨᠳᠥᠷ ᠬᠤᠷᠳᠤᠴᠠ ᠪᠠᠷ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠢᠳᠡᠪᠬᠢᠲᠡᠢ ᠪᠠᠷ ᠳᠡᠭᠡᠳᠦ ᠱᠠᠳᠤ ᠲᠠᠢ ᠠᠵᠢᠯ ᠢᠶᠠᠨ ᠵᠣᠯᠭᠠᠭᠤᠯᠵᠤ᠂ ᠰᠤᠳᠤᠯᠤᠨ ᠮᠠᠭᠠᠳᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢ ᠠᠯᠢ ᠴᠢᠳᠠᠬᠤ ᠪᠠᠷ ᠤᠷᠤᠭᠰᠢ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠴᠡᠪᠡᠷᠯᠡᠨ ᠠᠷᠢᠯᠭᠠᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠭᠡᠷ ᠤᠨ ᠰᠤᠷᠲᠠᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠠᠢ ᠤᠶᠠᠯᠳᠤᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠠᠯᠪᠠᠨ ᠤ ᠠᠵᠢᠯᠳᠠᠨ ᠤ ᠤᠬᠠᠮᠰᠠᠷ ᠠᠴᠠ ᠪᠠᠨ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠪᠣᠯᠬᠤ ᠶᠢ ᠱᠠᠯᠠᠪᠳᠠᠭᠤᠯᠤᠨ ᠵᠢᠯᠣᠭᠤᠳᠴᠤ ᠬᠦᠳᠦᠯᠦᠨ ᠵᠢᠯᠣᠭᠤᠳᠴᠤ᠂ ᠦᠨᠡᠨ ᠬᠦ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠦᠳᠦᠯᠦᠨ ᠳᠠᠭᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃    ᠬᠤᠷᠠᠯ ᠠᠴᠠ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠥᠭᠡᠳ ᠬᠤᠳᠠ ᠶᠢᠨ ᠱᠠᠲᠤᠨ ᠤ ᠤᠳᠤᠷᠢᠳᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ᠂ ᠳᠠᠭᠠᠭᠠᠴᠢᠯᠠᠨ ᠬᠠᠷᠢᠯᠴᠠᠬᠤ ᠪᠠᠯᠭᠠᠰᠤ ᠵᠡᠭᠡᠯᠢ ᠵᠡᠷᠭᠡ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠠᠢ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号