| ᠪᠡᠭᠡᠵᠢᠩ ︵ᠳ᠋ᠠ ᠰᠢᠩ︶ — ᠷᠠᠰᠢᠶᠠᠨ ᠳᠤ ᠰᠢᠭᠤᠳ ᠬᠥᠷᠬᠦ ᠠᠶᠠᠯᠠᠯ ᠤᠨ ᠱᠤᠭᠤᠮ 4 ᠰᠠᠷ᠎ᠠ ᠶᠢᠨ | 1 ᠤ ᠡᠳᠦᠷ ᠠᠴᠠ ᠨᠡᠪᠲᠡᠷᠠᠵᠤ᠂ ᠨᠢᠰᠭᠡᠯ ᠤᠨ ᠪᠢᠯᠧᠲ ᠢ ᠣᠶᠢᠷ᠎ᠠ ᠶᠢᠨ ᠡᠳᠦᠷ ᠰᠦᠯᠵᠢᠶᠡᠨ ᠳᠡᠭᠡᠷ᠎ᠡ ᠬᠤᠳᠠᠯᠳᠤᠬᠤ | ᠪᠣᠯᠤᠨ᠎ᠠ᠃ | ᠣᠶᠢᠯᠠᠭᠠᠭᠰᠠᠨ ᠢᠶᠠᠷ᠂ ᠷᠠᠰᠢᠶᠠᠨ ᠬᠤᠲᠠ ᠪᠣᠯ ᠰᠣᠶᠣᠯ ᠪᠠ ᠵᠢᠭᠤᠯᠴᠢᠯᠠᠯ ᠤᠨ ᠶᠠᠮᠤᠨ ᠤ ᠠᠵᠢᠯ | ᠲᠦᠷᠦᠯ ᠢᠶᠠᠷ ᠬᠠᠪᠰᠤᠷᠤᠨ ᠲᠡᠳᠬᠦᠬᠦ ᠭᠠᠵᠠᠷ ᠪᠠᠶᠢᠵᠤ᠂ ᠮᠠᠨ ᠤ ᠣᠷᠣᠨ ᠤ ᠬᠢᠩᠭᠠᠨ ᠠᠶᠢᠮᠠᠭ ᠤᠨ ᠪᠠᠷᠠᠭᠤᠨ | ᠬᠤᠶᠢᠲᠤ ᠪᠡᠶ᠎ᠠ ᠳᠤ ᠪᠠᠶᠢᠷᠢᠯᠠᠵᠤ᠂ ᠷᠠᠰᠢᠶᠠᠨ ᠤ ᠬᠤᠭᠤᠰᠤᠨ ᠵᠢᠯᠠᠭ᠎ᠠ ᠶᠢᠨ ᠤᠯᠤᠰ ᠤᠨ ᠣᠶ ᠰᠢᠭᠤᠶ ᠶᠢᠨ | ᠴᠡᠴᠡᠷᠯᠢᠭ᠂ ᠲᠢᠶᠠᠨ ᠤᠤᠢ ᠨᠠᠭᠤᠷ᠂ ᠷᠠᠰᠢᠶᠠᠨ ᠤ ᠭᠠᠵᠠᠷ ᠰᠢᠨᠵᠢᠯᠡᠭᠡᠨ ᠤ ᠴᠡᠴᠡᠷᠯᠢᠭ᠂ ᠬᠤᠷᠴᠠ ᠤᠯᠠᠭᠠᠨ | ᠴᠡᠴᠡᠭ ᠤᠨ ᠲᠡᠯᠡᠶ ᠵᠡᠷᠭᠡ ᠦᠵᠡᠮᠵᠢ ᠶᠢᠨ ᠣᠷᠣᠨ ᠲᠠᠢ ᠪᠠᠶᠢᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢᠶᠠᠷ | ᠡᠯᠪᠡᠭ ᠪᠠᠶᠢᠳᠠᠭ᠃ | ᠪᠡᠭᠡᠵᠢᠩ ᠠᠴᠠ ᠷᠠᠰᠢᠶᠠᠨ ᠳᠤ ᠰᠢᠭᠤᠳ ᠬᠥᠷᠬᠦ ᠠᠶᠠᠯᠠᠯ ᠤᠨ ᠱᠤᠭᠤᠮ ᠨᠢ ᠠᠶᠠᠨᠴᠢᠳ ᠤᠨ ᠠᠶᠠᠯᠠᠯ ᠳᠤ | ᠳᠦᠬᠦᠮ ᠨᠦᠬᠦᠴᠡᠯ ᠬᠠᠨᠭ᠍ᠭᠠᠵᠤ᠂ ᠠᠶᠠᠨᠴᠢᠳ ᠤᠨ ᠠᠶᠠᠯᠠᠯ ᠤᠨ ᠴᠠᠭ ᠢ ᠪᠤᠭᠤᠨᠢᠰᠬᠠᠨ᠂ ᠷᠠᠰᠢᠶᠠᠨ ᠬᠢᠭᠡᠳ | ᠪᠡᠭᠡᠵᠢᠩ ᠤᠨ ᠠᠷᠠᠯᠵᠢᠶ᠎ᠠ ᠬᠤᠳᠠᠯᠳᠤᠭᠠᠨ ᠤ ᠶᠠᠪᠤᠯᠴᠠᠭ᠎ᠠ ᠪᠠ ᠵᠢᠭᠤᠯᠴᠢᠯᠡᠯ ᠤᠨ ᠠᠵᠤ ᠦᠢᠯᠡᠰ ᠤᠨ ᠬᠦᠭᠵᠢᠯᠲᠡ ᠶᠢ | ᠠᠬᠢᠭᠤᠯᠬᠤ᠂ ᠤᠷᠤᠨ ᠪᠦᠰᠠ ᠶᠢᠨ ᠵᠢᠭᠤᠯᠴᠢᠯᠡᠯ ᠤᠨ ᠬᠦᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ | ᠦᠵᠡᠭᠦᠯᠬᠦ ᠪᠤᠯᠤᠨ᠎ᠠ᠃ | |