ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠷᠠᠰᠢᠶᠠᠨ ᠬᠢᠯᠢ ᠶᠢᠨ | ᠬᠠᠮᠢᠶᠠᠷᠤᠯᠲᠠ ᠶᠢᠨ ᠶᠡᠭᠡ ᠠᠩᠭᠢ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ | ᠦᠢᠯᠡᠳᠦᠯᠭᠡᠵᠢᠭᠦᠯᠵᠦ᠂ ᠲᠣᠤᠷᠵᠢᠭᠤᠯᠤᠭᠴᠢ᠂ ᠲᠦᠷᠭᠡᠨ ᠬᠦᠷᠭᠡᠭᠴᠢ᠂ ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠵᠡᠷᠭᠡ ᠨᠡᠶᠢᠭᠡᠮ ᠤᠨ ᠬᠦᠴᠦᠨ ᠢ ᠡᠮᠬᠢᠯᠡᠨ ᠨᠡᠶᠢᠯᠡᠭᠦᠯᠵᠦ᠂ ︽ᠴᠠᠰᠤᠲᠤ ᠬᠤᠲᠠ ᠶᠢᠨ ᠵᠢᠷᠤᠮ ᠤᠨ | ᠴᠠᠭᠳᠠᠭ᠎ᠠ︾ ᠶᠢᠨ ᠠᠮᠤᠷ ᠢ ᠬᠠᠮᠠᠭᠠᠯᠠᠬᠤ ᠬᠠᠮᠲᠤᠷᠠᠨ ᠰᠡᠷᠭᠡᠶᠢᠯᠡᠬᠦ ᠨᠡᠶᠢᠭᠡᠮᠯᠢᠭ ᠢ ᠪᠠᠶᠢᠭᠤᠯᠤᠬᠰᠠᠨ ᠪᠠᠶᠢᠨ᠎ᠠ᠃ ᠤᠳᠤ | ᠂ ᠳᠤᠰ ᠨᠡᠶᠢᠭᠡᠮᠯᠢᠭ ᠨᠢ ᠤᠤᠯ ᠤᠨ 75 ᠬᠡᠰᠢᠬᠦᠨ ᠲᠠᠢ ᠪᠠᠶᠢᠭᠰᠠᠨ ᠠᠴᠠ ᠪᠠᠨ ᠨᠡᠮᠡᠭᠳᠡᠬᠡᠳ 1047 ᠬᠡᠰᠢᠬᠦᠨ ᠲᠠᠢ | ᠪᠤᠯᠵᠦ ᠪᠤᠵᠠᠭᠠᠶᠢᠷᠠᠨ᠂ ᠪᠦᠬᠦ ᠨᠡᠶᠢᠭᠡᠮ ᠤᠨ ᠠᠮᠤᠷ ᠳᠤᠬᠳᠠᠭᠤᠨ ᠢ ᠬᠠᠮᠠᠭᠠᠯᠠᠬᠤ᠂ ᠵᠦᠷᠢᠴᠡᠯ ᠵᠢᠭᠤᠷᠠᠯᠳᠤᠭᠠᠨ ᠢ | ᠢᠯᠡᠷᠡᠬᠦᠯᠤᠨ ᠠᠷᠢᠯᠭᠠᠬᠤ ᠪᠠ ᠦᠵᠡᠮᠵᠢ ᠶᠢᠨ ᠤᠷᠤᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠡᠬᠦᠷᠭᠡ ᠶᠢ | ᠡᠬᠦᠷᠭᠡᠯᠡᠵᠦ᠂ ᠪᠦᠬᠦ ᠬᠤᠳᠠ ᠶᠢᠨ ᠴᠢᠨᠠᠷ ᠰᠠᠶᠢᠳᠠᠢ ᠬᠦᠭᠵᠢᠯᠳᠠ ᠳᠤ ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠵᠦ | ᠪᠠᠶᠢᠨ᠎ᠠ᠃ | ︽ᠲᠠ ᠠᠭᠤᠷ ᠬᠢᠯᠢᠩ ᠢᠶᠠᠨ ᠳᠠᠷᠤᠵᠦ᠂ ᠭᠡᠷᠡᠭ ᠶᠠᠪᠤᠳᠠᠯ ᠢᠶᠠᠨ ᠨᠢᠮᠪᠠᠢ ᠶᠠᠷᠢᠭᠠᠷᠠᠢ︾ ᠭᠡᠵᠦ ᠴᠠᠰᠤᠳᠦ | ᠬᠤᠳᠠ ᠶᠢᠨ ᠵᠢᠷᠤᠮ ᠤᠨ ᠴᠠᠬᠳᠠᠭ᠎ᠠ ᠵᠠᠩ ᠢᠤᠢ ᠬᠤᠨᠭ᠌ ᠨᠢᠭᠡᠨ ᠬᠦᠯᠤᠰᠤᠨ ᠠᠵᠢᠯᠴᠢᠨ ᠤ ᠴᠠᠯᠢᠩ ᠮᠦᠡᠭᠬᠦ ᠠᠴᠠ | ᠪᠤᠯᠤᠬᠰᠠᠨ ᠵᠦᠷᠢᠴᠡᠯ ᠵᠢᠭᠤᠷᠠᠯᠳᠤᠭᠠᠨ ᠢ ᠬᠦᠯᠢᠶᠡᠨ ᠠᠪᠴᠦ ᠳᠤᠬᠠᠢ ᠶᠢᠨ ᠬᠦᠮᠦᠨ ᠠᠴᠠ ᠪᠠᠶᠢᠳᠡᠯ ᠢ ᠨᠢ | ᠤᠶᠢᠯᠠᠭᠠᠵᠠᠢ᠃ ᠳᠡᠷᠡ᠂ ᠳᠤᠬᠠᠢ ᠶᠢᠨ ᠬᠦᠮᠦᠨ ᠠᠴᠠ ᠤᠶᠢᠯᠠᠭᠠᠬᠰᠠᠨ ᠮᠡᠳᠡᠭᠡ ᠵᠠᠩᠬᠢ ᠪᠠᠨ ᠨᠠᠷᠢᠯᠢᠬ ᠳᠠᠩᠰᠠᠯᠠᠨ | ᠳᠡᠮᠳᠡᠭᠯᠡᠬᠦ ᠶᠢᠨ ᠬᠠᠮᠳᠦ ᠠᠷᠠᠳ ᠤᠨ ᠴᠠᠭᠳᠠᠭ᠎ᠠ ᠲᠠᠢ ᠬᠤᠯᠪᠣᠭᠠᠯᠠᠨ ᠳᠤᠬᠠᠢ ᠶᠢᠨ ᠭᠠᠵᠠᠷ ᠢᠶᠠᠷ ᠶᠠᠪᠤᠵᠦ | ᠰᠤᠷᠪᠤᠯᠵᠢᠯᠠᠨ᠂ ᠵᠦᠷᠢᠴᠡᠯ ᠵᠢᠭᠤᠷᠠᠯᠳᠤᠭᠠᠨ ᠤ ᠡᠬᠢ ᠡᠬᠦᠰᠤᠯ ᠢ ᠳᠤᠳᠤᠯᠠᠵᠦ᠂ ᠠᠮᠵᠢᠯᠳᠠ ᠲᠠᠢ ᠪᠠᠷ ᠵᠦᠷᠢᠴᠡᠯ ᠢ | ᠰᠶᠢᠳᠪᠦᠷᠢᠯᠡᠭᠰᠡᠨ ᠪᠠᠶᠢᠨ᠎ᠠ᠃ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠨᠢ ᠡᠶᠡᠳᠡᠬᠦᠯᠬᠦ ᠳᠡᠭᠡᠨ | ᠴᠢᠳᠠᠮᠠᠭᠠᠢ᠂ ᠳᠤᠬᠠᠢ ᠶᠢᠨ ᠭᠠᠵᠠᠷ ᠤᠨ ᠢᠶᠠᠨ ᠪᠠᠶᠢᠳᠡᠯ ᠢ ᠰᠠᠶᠢᠳᠤᠷ ᠤᠶᠢᠯᠠᠭᠠᠬᠤ ᠳᠠᠪᠠᠭᠤᠯᠢᠭ ᠢᠶᠠᠨ ᠠᠰᠢᠭᠯᠠᠨ᠂ | 2024 ᠣᠨ ᠳᠤ 300 ᠵᠦᠷᠢᠴᠡᠯ ᠵᠢᠭᠤᠷᠠᠯᠳᠤᠭᠠᠨ ᠢ ᠢᠯᠡᠷᠡᠬᠦᠯᠤᠨ ᠨᠠᠮᠳᠠᠭᠤᠯᠵᠤ᠂ 90% ᠠᠴᠠ ᠳᠡᠭᠡᠭᠰᠢᠬᠢ | ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠦᠶ᠎ᠠ ᠳᠤᠨᠢ ᠠᠷᠢᠯᠭᠠᠪᠠ᠃ | ︽ᠣᠯᠠᠨ ᠲᠦᠮᠡᠨ ᠵᠠᠷᠢᠮ ᠵᠢᠵᠢᠭ ᠰᠠᠵᠢᠬ ᠵᠦᠷᠢᠴᠡᠯ ᠵᠢᠭᠤᠷᠠᠯᠳᠤᠭᠠᠨ ᠢ ᠴᠠᠬᠳᠠᠭ᠎ᠠ ᠳᠤ ᠮᠡᠳᠡᠬᠦᠯᠬᠦ ᠦᠭᠡᠢ | ᠪᠠᠶᠢᠳᠠᠬ᠂ ᠭᠡᠳᠡᠯ᠎ᠠ ᠤᠶᠢᠷ᠎ᠠ ᠬᠠᠪᠢ ᠶᠢᠨ ᠵᠢᠷᠤᠮ ᠤᠨ ᠴᠠᠬᠳᠠᠭ᠎ᠠ ᠳᠤ ᠭᠤᠮᠤᠳᠠᠯ ᠢᠶᠠᠨ ᠳᠤᠭᠠᠴᠢᠵᠦ ᠬᠠᠪᠰᠤᠷᠤᠮᠵᠢ | ᠳᠡᠮᠵᠢᠯᠭᠡ ᠤᠯᠬᠤ ᠶᠢ ᠬᠦᠰᠡᠳᠡᠭ︾ ᠭᠡᠵᠦ ᠷᠠᠰᠢᠶᠠᠨ ᠬᠢᠯᠢ ᠶᠢᠨ ᠬᠠᠮᠢᠶᠠᠷᠤᠯᠳᠠ ᠶᠢᠨ ᠶᠡᠭᠡ ᠠᠩᠬᠢ ᠶᠢᠨ ᠵᠢᠭᠠᠨ | ᠵᠢᠯᠤᠭᠤᠳᠤᠬᠴᠢ ᠶᠠᠷᠢᠯ᠎ᠠ᠃ | ︽ᠰᠤᠷᠤᠭᠴᠢ ᠶᠢ ᠬᠠᠮᠠᠭᠠᠯᠠᠬᠤ ᠠᠵᠢᠯ ᠤᠨ ᠪᠠᠶᠢᠷᠢ︾ ᠶᠢ ᠪᠠᠳᠦ ᠰᠠᠬᠢᠵᠦ᠂ ᠪᠠᠭᠰᠢ ᠰᠤᠷᠤᠬᠴᠢ ᠶᠢᠨ | ᠶᠠᠪᠤᠵᠦ ᠰᠠᠭᠤᠬᠤ ᠳᠤ ᠠᠮᠤᠷ ᠲᠦᠪᠰᠢᠨ ᠤ ᠪᠠᠳᠤᠯᠠᠭ᠎ᠠ ᠬᠠᠨᠭ᠍ᠭᠠᠨ᠎ᠠ᠃ ᠵᠢᠷᠭᠤᠭᠠᠨ ᠵᠢᠯ ᠤᠨ ᠲᠤᠷᠰᠢ᠂ ᠴᠠᠰᠤᠳᠦ | ᠬᠤᠳᠠ ᠶᠢᠨ ᠵᠢᠷᠤᠮ ᠤᠨ ᠴᠠᠬᠳᠠᠭ᠎ᠠ ᠨᠡᠶᠢᠲᠡ 1.3 ᠲᠦᠮᠡᠨ ᠤᠳᠠᠭ᠎ᠠ ᠰᠤᠷᠤᠬᠴᠢ ᠶᠢ ᠬᠠᠮᠠᠭᠠᠯᠠᠬᠤ ᠠᠵᠢᠯᠯᠠᠭ᠎ᠠ | ᠦᠷᠨᠢᠬᠦᠯᠵᠦ᠂ ᠭᠡᠷ ᠠᠴᠠ ᠪᠠᠨ ᠰᠠᠯᠵᠦ ᠶᠠᠪᠤᠬᠰᠠᠨ ᠪᠠ ᠲᠦᠭᠡᠷᠢᠭᠰᠡᠨ 17 ᠬᠡᠦᠬᠡᠳ ᠢ ᠠᠮᠵᠢᠯᠳᠠ ᠲᠠᠢ ᠪᠠᠷ ᠡᠷᠢᠨ | ᠠᠪᠴᠢᠷᠠᠵᠦ᠂ ᠰᠤᠷᠭᠠᠭᠤᠯᠢ ᠶᠢᠨ ᠬᠦᠷᠢᠶᠡᠨ ᠳᠤ ᠡᠰᠠ ᠡ᠊ᠨᠳᠡᠯ ᠭᠠᠷᠬᠤ ᠶᠢ ᠪᠡᠶᠡᠯᠡᠬᠦᠯᠵᠠᠢ᠃ ᠳᠡᠳᠡ ᠨᠢᠭᠡ | ᠳᠠᠯ᠎ᠠ ᠪᠠᠷ ᠰᠤᠷᠭᠠᠭᠤᠯᠢ ᠶᠢᠨ ᠤᠶᠢᠷᠠᠯᠴᠠᠭᠠᠬᠢ ᠠᠮᠤᠷ ᠲᠦᠪᠰᠢᠨ ᠢ ᠪᠠᠳᠤᠯᠠᠵᠦ᠂ ᠴᠠᠬᠳᠠᠭ᠎ᠠ ᠲᠠᠢ ᠬᠠᠮᠵᠢᠯᠴᠠᠨ | ᠳᠤᠭᠤᠷᠢᠨ ᠪᠠᠶᠢᠴᠠᠭᠠᠯᠳᠠ ᠬᠢᠬᠦ᠂ ᠳᠡᠷᠭᠡ ᠬᠦᠰᠭᠡ ᠶᠢ ᠡᠵᠡᠮᠳᠡᠨ ᠬᠠᠮᠢᠶᠠᠷᠬᠤ ᠵᠡᠷᠭᠡ ᠠᠵᠢᠯ ᠢ ᠦᠷᠨᠢᠬᠦᠯᠵᠦ᠂ | ᠨᠦᠬᠦᠭᠡ ᠳᠠᠯ᠎ᠠ ᠪᠠᠷ ᠪᠠᠰᠠ ᠭᠡᠷ ᠤᠨ ᠠᠬᠠᠮᠠᠳ ᠢ ᠬᠠᠪᠰᠤᠷᠤᠨ ᠭᠡᠤᠭᠡᠳ ᠳᠤᠰᠴᠦ ᠭᠡᠷ ᠲᠤᠨᠢ ᠬᠦᠷᠭᠡᠵᠦ᠂ ᠪᠠᠭᠰᠢ | ᠰᠤᠷᠤᠬᠴᠢ ᠭᠡᠷ ᠤᠨ ᠠᠬᠠᠮᠠᠳ ᠤᠨ ᠬᠠᠮᠤᠬ ᠤᠨ ︽ᠳᠤᠳᠤᠨᠤ︾ ᠬᠦᠮᠦᠰ ᠪᠤᠯᠤᠭᠰᠠᠨ ᠪᠠᠶᠢᠨ᠎ᠠ᠃ | ︽ᠰᠢᠶᠤᠤ ᠵᠤᠤ᠂ ᠨᠠᠮ᠎ᠠ ᠶᠢ ᠬᠠᠪᠰᠤᠷᠤᠨ ᠴᠠᠬᠢᠯᠭᠠᠨ ᠤ ᠰᠦᠢᠳᠭᠡᠯ ᠳᠤᠰᠢᠶᠠᠨ ᠦᠭᠬᠦ ᠪᠤᠯᠪᠠ ᠤᠤ︾ | ᠭᠡᠵᠦ ᠭᠠᠭᠴᠠᠭᠠᠷ ᠢᠶᠠᠨ ᠠᠮᠢᠳᠤᠷᠠᠵᠦ ᠪᠠᠶᠢᠭ᠎ᠠ ᠸᠠᠩ ᠨᠠᠰᠤᠳᠠᠨ ᠬᠠᠷᠢᠶ᠎ᠠ ᠳᠤᠭᠤᠷᠢᠬ ᠤᠨ ᠵᠢᠷᠤᠮ ᠤᠨ ᠴᠠᠬᠳᠠᠭ᠎ᠠ | ᠰᠢᠶᠤᠤ ᠵᠤᠤ ᠳᠤ ᠤᠳᠠᠰᠦ ᠠᠪᠴᠦ ᠬᠠᠪᠰᠤᠷᠤᠮᠵᠢ ᠭᠤᠶᠤᠴᠢᠯᠠᠨ᠎ᠠ᠃ ︽ᠴᠠᠰᠦᠳᠦ ᠬᠤᠳᠠ ᠶᠢᠨ ᠵᠢᠷᠤᠮ ᠤᠨ | ᠴᠠᠬᠳᠠᠭ᠎ᠠ︾ ᠬᠠᠷᠢᠶᠠᠲᠤ ᠣᠷᠣᠨ ᠤ ᠥᠨᠳᠥᠷ ᠨᠠᠰᠤᠲᠠᠶ ᠨᠠᠰᠤᠲᠠᠶᠢᠴᠤᠳ ᠤᠨ ᠶᠠᠪᠤᠵᠤ ᠰᠠᠭᠤᠬᠤ ᠳᠤ ᠲᠦᠬᠦᠮ | ᠦᠭᠡᠢ ᠪᠠᠶᠢᠳᠡᠯ ᠳᠤ ᠴᠢᠭᠯᠡᠭᠦᠯᠦᠨ᠂ ︽ᠰᠡᠳᠭᠢᠯ ᠢ ᠳᠤᠯᠠᠭᠠᠴᠠᠭᠤᠯᠬᠤ ᠣᠷᠣᠯᠠᠨ ᠭᠦᠢᠴᠡᠳᠭᠡᠬᠦ︾ ᠦᠢᠯᠡᠴᠢᠯᠡᠭᠡ | ᠭᠠᠷᠭᠠᠵᠤ᠂ ᠨᠠᠰᠤᠳᠠᠶᠢᠴᠤᠳ ᠢ ᠬᠠᠪᠰᠤᠷᠤᠨ ᠤᠰᠤ ᠴᠠᠬᠢᠯᠭᠠᠨ ᠤ ᠰᠦᠢᠳᠭᠡᠯ ᠢ ᠨᠡᠶᠢᠲᠡ 2600 ᠭᠠᠷᠤᠶ ᠤᠳᠠᠭ᠎ᠠ | ᠣᠷᠣᠯᠠᠨ ᠲᠤᠰᠢᠶᠠᠵᠤ᠂ 470 ᠤᠳᠠᠭ᠎ᠠ ᠡᠮ ᠬᠦᠷᠭᠡᠬᠦ ᠦᠢᠯᠡᠴᠢᠯᠡᠭᠡ ᠬᠠᠨᠭ᠍ᠭᠠᠪᠠ᠃ ︽ᠰᠢᠯᠵᠢᠮᠡᠯ | ᠦᠢᠯᠡᠴᠢᠯᠡᠭᠡᠨ ᠤ ᠥᠷᠲᠡᠭᠡ︾ ᠪᠠᠷ ᠳᠠᠮᠵᠢᠨ ᠵᠢᠭᠤᠯᠴᠢᠯᠠᠬᠴᠢᠳ ᠲᠤ ᠬᠠᠯᠠᠭᠤᠮᠰᠤᠬ ᠦᠢᠯᠡᠴᠢᠯᠡᠭᠡ ᠦᠵᠡᠬᠦᠯᠵᠦ᠂ | ᠭᠡᠭᠡᠭᠰᠡᠨ ᠡᠳ᠋ ᠪᠤᠳᠠᠰ ᠢ ᠨᠢ ᠡᠷᠢᠨ ᠤᠯᠬᠤ᠂ ᠡᠪᠳᠡᠷᠡᠭᠰᠡᠨ ᠳᠡᠷᠭᠡ ᠬᠦᠰᠭᠡ ᠶᠢ ᠵᠠᠰᠠᠬᠤ᠂ ᠲᠦᠭᠡᠷᠢᠭᠰᠡᠨ ᠪᠠᠭᠠᠴᠤᠳ | ᠭᠡᠤᠭᠡᠳ ᠢ ᠬᠠᠪᠰᠤᠷᠤᠨ ᠡᠷᠢᠬᠦ ᠵᠡᠷᠭᠡ ᠦᠢᠯᠡᠴᠢᠯᠡᠭᠡ ᠪᠠᠷ ᠵᠢᠭᠤᠯᠴᠢᠯᠠᠬᠴᠢᠳ ᠤᠨ ᠬᠠᠯᠠᠭᠤᠨ ᠬᠦᠷᠢᠶᠡᠯᠡᠯ ᠢ ᠤᠯᠵᠠᠢ᠃ | | ᠤᠷᠤᠰᠢᠨ ᠰᠠᠭᠤᠷᠢᠰᠢᠬᠤ ᠭᠡᠷ ᠤᠷᠤᠨ ᠢᠶᠠᠨ ᠬᠠᠮᠠᠭᠠᠯᠠᠬᠤ ᠠᠵᠢᠯ ᠢ ᠪᠠᠶᠢᠡᠭᠭᠤᠵᠢᠭᠤᠯᠤᠨ ᠦᠷᠨᠢᠬᠦᠯᠵᠦ᠂ | ᠨᠡᠶᠢᠭᠡᠮ ᠳᠤᠭᠤᠷᠢᠬ ᠤᠨ ᠵᠠᠰᠠᠯᠳᠠ ᠳᠤ ᠬᠦᠴᠦᠨ ᠨᠡᠮᠡᠷᠢᠯᠡᠪᠡ᠃ ︽ᠴᠠᠰᠤᠳᠦ ᠬᠤᠳᠠ ᠶᠢᠨ ᠵᠢᠷᠤᠮ ᠤᠨ ᠴᠠᠬᠳᠠᠭ᠎ᠠ︾ | ᠶᠢᠨ ᠨᠡᠶᠢᠭᠡᠮᠯᠢᠭ ᠠᠴᠠ ᠳᠤᠬᠳᠠᠭᠰᠠᠨ ᠬᠤᠭᠤᠴᠠᠭ᠎ᠠ ᠲᠠᠢ ᠪᠠᠷ ᠠᠮᠢᠳᠤᠷᠠᠯ ᠤᠨ ᠤᠷᠴᠢᠨ ᠳᠤᠭᠤᠷᠢᠨ ᠢ ᠴᠡᠭᠴᠡᠯᠡᠨ | ᠰᠠᠶᠢᠵᠢᠷᠠᠭᠤᠯᠬᠤ ᠠᠵᠢᠯᠯᠠᠭ᠎ᠠ ᠦᠷᠨᠢᠬᠦᠯᠵᠦ᠂ ᠪᠠᠭ᠎ᠠ ᠳᠤᠭᠤᠷᠢᠬ ᠤᠨ ᠬᠤᠷᠠᠮᠠᠯ ᠴᠠᠰᠦ ᠶᠢ ᠠᠷᠢᠯᠭᠠᠬᠤ᠂ ᠵᠠᠮ ᠢ | ᠴᠡᠪᠡᠷᠯᠡᠬᠦ᠂ ᠬᠠᠶᠠᠬᠳᠠᠮᠠᠯ ᠡᠳ᠋ ᠪᠤᠳᠠᠰ ᠢ ᠠᠷᠢᠯᠭᠠᠬᠤ ᠵᠡᠷᠭᠡ ᠪᠠᠷ ᠳᠠᠮᠵᠢᠨ ᠨᠡᠶᠢᠭᠡᠮ ᠳᠤᠭᠤᠷᠢᠬ ᠤᠨ ᠵᠠᠰᠠᠯᠳᠠ ᠳᠤ | ᠤᠷᠤᠯᠴᠠᠵᠦ ᠪᠤᠢ᠃ ᠳᠡᠳᠡᠨᠠᠷ ᠬᠤᠬ ᠨᠤᠪᠰᠢ ᠶᠢ ᠴᠡᠪᠡᠷᠯᠡᠬᠦ ᠠᠵᠢᠯ ᠢ 430 ᠭᠠᠷᠤᠢ ᠤᠳᠠᠭ᠎ᠠ ᠦᠷᠨᠢᠬᠦᠯᠵᠦ᠂ | ᠳᠤᠭᠤᠢ ᠳᠡᠷᠭᠡ ᠴᠠᠬᠢᠯᠭᠠᠨ ᠬᠦᠳᠡᠯᠭᠡᠬᠦᠷᠳᠦ ᠳᠡᠷᠭᠡ ᠶᠢ ᠨᠡᠶᠢᠳᠡ 1.2 ᠲᠦᠮᠡᠨ ᠤᠳᠠᠭ᠎ᠠ ᠵᠢᠷᠤᠮᠵᠢᠭᠤᠯᠤᠨ | ᠵᠤᠬᠰᠤᠭᠠᠵᠦ᠂ ᠠᠶᠤᠯ ᠲᠦᠭᠰᠢᠬᠦᠷᠢ ᠶᠢᠨ ᠭᠡᠮ ᠰᠤᠭᠤᠬ ᠢ ᠨᠡᠶᠢᠳᠡ 240 ᠤᠳᠠᠭ᠎ᠠ ᠠᠷᠢᠯᠭᠠᠬᠰᠠᠨ ᠪᠠᠶᠢᠨ᠎ᠠ᠃ | ᠡᠬᠦᠨ ᠤ ᠳᠠᠭᠠᠤ᠂ ᠨᠡᠶᠢᠭᠡᠮ ᠳᠤᠭᠤᠷᠢᠬ ᠪᠤᠯᠤᠨ ᠦᠵᠡᠮᠵᠢ ᠶᠢᠨ ᠤᠷᠤᠨ ᠳᠤ ᠬᠠᠤᠯᠢ ᠴᠠᠭᠠᠵᠠ ᠶᠢᠨ ᠮᠡᠳᠡᠯᠭᠡ ᠶᠢᠨ | ᠤᠬᠠᠭᠤᠯᠭ᠎ᠠ᠂ ᠮᠡᠭᠡᠯᠡᠯ ᠢ ᠰᠡᠷᠭᠡᠶᠢᠯᠡᠬᠦ ᠤᠬᠠᠭᠤᠯᠭ᠎ᠠ ᠪᠠ ᠡᠷᠡᠬᠦᠯ ᠬᠠᠮᠠᠭᠠᠯᠠᠯ ᠡᠷᠡᠬᠦᠯ ᠮᠠᠨᠳᠦ ᠶᠢᠨ ᠤᠬᠠᠭᠤᠯᠭ᠎ᠠ | ᠵᠡᠷᠭᠡ ᠶᠢ ᠦᠷᠨᠢᠬᠦᠯᠪᠡ᠃ | ᠷᠠᠰᠢᠶᠠᠨ ᠬᠤᠳᠠ ᠶᠢᠨ ︽ᠴᠠᠰᠤᠳᠦ ᠬᠤᠳᠠ ᠶᠢᠨ ᠵᠢᠷᠤᠮ ᠤᠨ ᠴᠠᠬᠳᠠᠭ᠎ᠠ︾ ᠦᠪᠡᠷ ᠤᠨ ᠬᠦᠴᠦᠨ | ᠴᠢᠳᠡᠯ ᠢᠶᠠᠨ ᠬᠠᠷᠠᠮ ᠦᠭᠡᠢ ᠪᠠᠷ ᠪᠦᠬᠦ ᠬᠤᠳᠠ ᠶᠢᠨ ᠨᠡᠶᠢᠭᠡᠮ ᠠᠵᠦ ᠠᠬᠤᠢ ᠶᠢᠨ ᠪᠦᠳᠦᠭᠡᠨ ᠪᠠᠶᠢᠭᠤᠯᠤᠯᠳᠠ ᠳᠤ | ᠠᠭᠤᠰᠬᠠᠵᠦ᠂ ᠡᠭᠡ ᠤᠯᠤᠰ ᠤᠨ ᠤᠮᠠᠷᠠᠳᠦ ᠬᠢᠯᠢ ᠶᠢᠨ ᠠᠮᠤᠷ ᠳᠤᠬᠳᠠᠭᠤᠨ ᠳᠤ ᠴᠢᠩᠭ᠎ᠠ ᠬᠦᠴᠤᠳᠠᠢ ᠪᠠᠳᠤᠯᠠᠭ᠎ᠠ | ᠬᠠᠨᠭ᠍ᠭᠠᠨ᠎ᠠ᠃ · ᠶᠠᠩ ᠫᠸᠢ ᠵᠢᠶᠧ · |