ᠦ᠋ ᠴᠠ ᠭᠧᠦ ᠪᠠᠯᠭᠠᠰᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠭᠦᠯᠵᠤ ᠪᠤᠢ
ᠨᠡᠶᠢᠲᠡᠯᠡᠭᠰᠡᠨ ᠴᠠᠭ᠄
2025/3/28
        ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ 3 ᠰᠠᠷ᠎ᠠ ᠶᠢᠨ 25 ᠤ ᠡᠳᠦᠷ᠂ ᠷᠠᠰᠢᠶᠠᠨ ᠬᠤᠳᠠ ᠶᠢᠨ ᠦ᠋ ᠴᠠ ᠭᠸᠤ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠤᠭᠤᠶᠢᠯᠠᠩ᠂ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠠᠢ ᠬᠠᠮᠲᠤᠷᠠᠨ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠪᠣᠯᠤᠨ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠵᠡᠢ᠃     ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠳᠤᠯᠠᠭᠠᠯᠠᠭ᠎ᠠ ᠬᠠᠩᠭᠠᠬᠤ ᠲᠥᠪ᠂ ᠲᠤᠰᠤ ᠨᠡᠮᠡᠬᠦ ᠦᠷᠳᠡᠭᠡ᠂ ᠵᠡᠭᠡᠯᠢ ᠳᠠᠭᠠᠤ ᠶᠢᠨ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠢᠶᠠᠷ ᠭᠦᠨᠵᠡᠭᠡᠶᠢᠷᠡᠵᠦ᠂ ᠭᠠᠯ ᠰᠡᠷᠭᠡᠶᠢᠯᠡᠵᠤ ᠤᠨᠲᠠᠷᠠᠭᠠᠬᠤ ᠲᠥᠬᠦᠭᠡᠷᠦᠮᠵᠢ᠂ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠭᠠᠯ ᠰᠡᠷᠭᠡᠶᠢᠯᠡᠵᠤ ᠤᠨᠲᠠᠷᠠᠭᠠᠬᠤ ᠵᠠᠮ ᠤᠨ ᠰᠠᠭᠠᠳ ᠦᠭᠡᠢ ᠨᠡᠪᠲᠡᠷᠡᠵᠤ ᠪᠠᠶᠢᠬᠤ ᠡᠰᠡᠬᠦ᠂ ᠠᠮᠤᠷ ᠲᠦᠪᠰᠢᠨ ᠤ ᠲᠦᠷᠢᠮ ᠤᠨ ᠨᠠᠶᠢᠳᠠᠪᠤᠷᠢᠵᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠤᠨ  ᠬᠢᠨ ᠬᠦᠷᠦᠭᠰᠡᠨ ᠭᠠᠵᠠᠷ ᠪᠣᠯᠭᠠᠨ ᠳᠤ ᠲᠤᠬᠠᠶ ᠶᠢᠨ ᠲᠠᠯᠠᠪᠤᠷ ᠢ ᠨᠠᠷᠢᠨ ᠬᠢᠨᠠᠮᠠᠭᠠᠶ ᠪᠠᠶᠢᠴᠠᠭᠠᠨ᠂ ᠬᠠᠮᠢᠶ᠎ᠠ ᠪᠥᠬᠦᠶ ᠬᠠᠷᠢᠭᠤᠴᠠᠯᠭᠠᠲᠠᠨ ᠤ ᠠᠶᠤᠯᠭᠦᠶ ᠦᠶ᠋ᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠢ ᠲᠤᠬᠠᠶ ᠶᠢᠨ ᠲᠠᠯᠠᠪᠠᠶ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠤᠯᠪᠣᠭᠳᠠᠯ ᠪᠥᠬᠦᠶ ᠪᠠᠶᠢᠭᠤᠯᠭ᠎ᠠ ᠨᠢᠭᠡᠴᠢ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃     ᠳᠠᠷᠠᠭᠠᠴᠢ ᠪᠠᠷ᠂ ᠦ᠋ ᠴᠠ ᠭᠸᠤ ᠪᠠᠯᠭᠠᠰᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠣᠷᠣᠨ ᠪᠦᠰᠡ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠢ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾ ᠢ ᠪᠠᠬᠢᠵᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠮᠤᠷ ᠲᠦᠪᠰᠢᠨ᠂ ᠡᠶ᠎ᠡ ᠵᠣᠬᠢᠴᠠᠩᠭᠤᠢ᠂ ᠲᠣᠭᠲᠠᠭᠤᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠦ᠋ ᠴᠠ ᠭᠸᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号