ᠡᠷᠬᠢᠮᠲᠤ ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠥᠪ ᠢᠶᠠᠷ ᠬᠦᠷᠴᠦ ︽ᠬᠠᠯᠠᠮᠰᠢᠯ ᠤᠲᠠᠰᠤ ᠶᠢ ᠲᠤᠰᠴᠤ ᠪᠣᠳᠠᠲᠤ ᠶᠠᠪᠤᠳᠠᠯ ᠬᠢᠵᠤ ᠦᠭᠭᠦ︾ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2025/3/28
       3 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠷᠠᠰᠢᠶᠠᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠡᠷᠬᠢᠮᠲᠤ ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤᠨ ᠤ ᠲᠥᠪ ᠢᠶᠠᠷ ᠬᠦᠷᠴᠦ ︽ᠬᠠᠯᠠᠮᠰᠢᠯ ᠤᠲᠠᠰᠤ ᠶᠢ ᠲᠤᠰᠴᠤ᠂ ᠪᠣᠳᠠᠲᠠᠢ ᠶᠠᠪᠤᠳᠠᠯ ᠬᠢᠵᠤ ᠦᠭᠭᠦ︾ ᠠᠵᠢᠯᠯᠠᠭ᠎ᠠ ᠳᠤ ᠣᠷᠣᠯᠴᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠠᠩᠬᠠᠷᠤᠯ ᠳᠤ ᠬᠠᠷᠢᠭᠤᠯᠲᠠ ᠥᠭᠴᠡᠢ᠃      ᠡᠷᠬᠢᠮᠲᠤ 14  ᠬᠦᠮᠦᠨ ᠤ ᠢᠷᠡᠭᠦᠯᠦᠭᠰᠡᠨ ᠤᠲᠠᠰᠤ ᠶᠢ ᠬᠦᠯᠢᠶᠡᠨ ᠠᠪᠴᠠᠢ᠃ ᠡᠭᠦᠨ ᠳᠤ ᠣᠷᠣᠨ ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭᠠᠨ ᠤ ᠶᠠᠪᠤᠵᠤ ᠰᠠᠭᠤᠬᠤ᠂ ᠨᠥᠬᠦᠪᠥᠷᠢ ᠶᠢ ᠰᠢᠯᠵᠢᠭᠦᠯᠦᠨ ᠥᠭᠬᠦ ᠵᠡᠷᠭᠡ ᠤᠯᠠᠨ ᠲᠠᠯ᠎ᠠ ᠳᠤ ᠬᠤᠯᠪᠣᠭᠳᠠᠭᠰᠠᠨ ᠠᠭᠤᠯᠭ᠎ᠠ ᠲᠠᠢ᠃ ᠡᠷᠬᠢᠮᠲᠤ ᠰᠡᠳᠬᠢᠯ ᠲᠠᠯᠪᠢᠨ ᠰᠣᠨᠣᠰᠴᠤ᠂ ᠨᠠᠷᠢᠨ ᠨᠢᠮᠪᠠᠶ ᠯᠠᠪᠯᠠᠨ ᠠᠰᠠᠭᠤᠨ ᠲᠡᠮᠳᠡᠭᠯᠡᠵᠦ᠂ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ ᠳᠡᠶᠢᠯᠬᠦ ᠶᠢ ᠨᠢ ᠲᠡᠷᠡ ᠳᠠᠷᠤᠶ ᠳᠤᠨᠢ ᠬᠠᠷᠢᠭᠤᠯᠵᠤ᠂ ᠤᠯᠠᠮ ᠨᠢᠭᠡ ᠠᠯᠬᠤᠮ ᠬᠢᠨᠠᠨ ᠬᠠᠷᠭᠤᠭᠤᠯᠵᠤ ᠭᠦᠢᠴᠡᠳᠭᠡᠬᠦ ᠴᠢᠬᠤᠯᠠᠲᠠᠶ ᠪᠠᠶᠢᠪᠠᠯ᠂ ᠲᠤᠬᠠᠶ ᠶᠢᠨ ᠲᠠᠯᠠᠪᠤᠷ ᠲᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠲᠤᠰᠢᠶᠠᠨ ᠥᠭᠴᠦ ᠦᠳᠲᠡᠷ ᠲᠦᠷᠭᠡᠨ ᠨᠠᠶᠢᠳᠠᠪᠤᠷᠢᠵᠢᠭᠤᠯᠪᠠ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠡᠷᠬᠢᠮᠲᠤ ᠲᠣᠰ ᠡᠳᠦᠷ ᠤᠨ ᠣᠯᠠᠨ ᠲᠦᠮᠡᠨ ᠤ ᠲᠤᠰᠬᠠᠭᠰᠠᠨ ᠭᠤᠮᠣᠳᠠᠯ ᠱᠠᠭᠠᠷᠳᠠᠯᠭ᠎ᠠ ᠶᠢᠨ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠣᠳᠠᠲᠠᠶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠬᠤ ᠶᠢᠨ ᠬᠠᠮᠲᠤ ᠪᠠᠰᠠ ᠷᠠᠰᠢᠶᠠᠨ ᠬᠤᠲᠠ ᠶᠢᠨ ᠲᠡᠤᠬᠡ  ᠠᠴᠠ ᠳᠠᠷᠤᠭᠳᠠᠵᠤ ᠢᠷᠡᠭᠰᠡᠨ ᠬᠦᠴᠢᠷ ᠲᠦᠪᠡᠭᠲᠡᠶ ᠠᠵᠢᠯ ᠤᠨ ᠬᠠᠭᠤᠳᠠᠰᠤ ᠶᠢᠨ ᠲᠣᠭᠤᠷᠢᠨ ᠳᠤ ᠵᠥᠪᠳᠡᠯᠴᠡᠨ ᠰᠢᠢᠳᠪᠦᠷᠢᠯᠡᠵᠦ᠂ ᠰᠢᠢᠳᠪᠦᠷᠢᠯᠡᠬᠦ ᠠᠬᠢᠴᠠ ᠶᠢ ᠠᠬᠢᠭᠤᠯᠪᠠ᠃ ᠡᠷᠬᠢᠮᠲᠦ᠂ ᠬᠤᠶᠢᠰᠢᠳᠠ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠦᠷᠭᠦᠯᠵᠢᠯᠡᠨ  ᠮᠦᠷᠳᠡᠨ ᠳᠠᠭᠠᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠨ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠠᠵᠢᠯᠯᠠᠭ᠎ᠠ᠂ ᠯᠠᠪᠳᠠᠭᠤᠨ ᠪᠠᠲᠤᠲᠠᠢ ᠰᠢᠷᠭᠠᠭᠤ ᠠᠵᠢᠯᠯᠠᠬᠤ ᠰᠤᠷᠲᠠᠯ ᠢᠶᠠᠷ ᠤᠯᠠᠨ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ ᠭᠡᠵᠦ ᠢᠯᠡᠳᠬᠡᠪᠡ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号