| ᠷᠠᠰᠢᠶᠠᠨ ᠵᠠᠰᠠᠭ ᠲᠠᠷᠬᠠᠭᠠᠬᠰᠠᠨ [2025]17 ᠳ᠋ᠤᠭᠠᠷ ᠲᠣᠭᠠᠲᠤ | ᠡᠯ᠎ᠡ ᠪᠠᠯᠭᠠᠰᠤ ᠵᠡᠭᠡᠯᠢ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠵᠠᠬ᠎ᠠ ᠳᠡᠯᠭᠡᠭᠦᠷ ᠢ ᠪᠦᠲᠦᠮᠵᠢᠲᠡᠢ ᠲᠣᠬᠢᠷᠠᠭᠤᠯᠵᠤ᠂ ᠬᠤᠶᠠᠳᠤᠭᠠᠷ | ᠳᠡᠰ ᠤᠨ ᠵᠠᠬ᠎ᠠ ᠳᠡᠯᠭᠡᠭᠦᠷ ᠢ ᠵᠢᠯᠤᠭᠤᠳᠴᠤ᠂ ᠭᠠᠵᠠᠷ ᠰᠢᠷᠣᠢ ᠶᠢᠨ ᠦᠨ᠎ᠡ ᠬᠠᠩᠰᠢ ᠶᠢᠨ ᠴᠢᠬᠤᠯᠠ ᠲᠣᠬᠢᠷᠠᠭᠤᠯᠤᠨ | ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ ᠬᠤᠲᠠ ᠶᠢᠨ ᠭᠠᠵᠠᠷ ᠰᠢᠷᠣᠢ ᠶᠢᠨ ᠦᠨ᠎ᠡ ᠶᠢᠨ | ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠮᠠᠨ ᠤ ᠬᠤᠲᠠ ︽ᠬᠤᠲᠠ ᠪᠠᠯᠭᠠᠰᠤᠨ ᠤ | ᠭᠠᠵᠠᠷ ᠰᠢᠷᠣᠢ ᠶᠢ ᠲᠠᠰ ᠬᠤᠪᠢᠶᠠᠬᠤ ᠳᠦᠷᠢᠮ︾᠂ ︽ᠬᠤᠲᠠ ᠪᠠᠯᠭᠠᠰᠤᠨ ᠤ ᠭᠠᠵᠠᠷ ᠰᠢᠷᠣᠢ ᠶᠢᠨ ᠦᠨ᠎ᠡ ᠶᠢ | ᠦᠨᠡᠯᠡᠬᠦ ᠳᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠬᠠᠤᠯᠢ ᠳᠤ | ᠲᠣᠭᠲᠠᠭᠠᠭᠰᠠᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠭᠠᠵᠠᠷ | ᠰᠢᠷᠣᠢ ᠶᠢᠨ ᠲᠠᠰ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠪᠡ᠃ ᠦᠨᠡᠯᠡᠨ ᠵᠢᠱᠢᠭᠰᠡᠨ ᠦᠷ᠎ᠡ ᠪᠦᠲᠦᠭᠡᠯ ᠨᠢ ᠨᠢᠭᠡᠨᠲᠡ ᠥᠪᠥᠷ ᠮᠣᠩᠭᠤᠯ ᠤᠨ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠵᠢᠴᠢ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ | ᠵᠦᠪᠰᠢᠶᠡᠷᠡᠯ ᠢ ᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠲᠣᠰ ᠤᠳᠠᠭᠠᠨ ᠤ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠬᠡᠷᠡᠭᠯᠡᠬᠦ ᠬᠡᠪᠴᠢᠶ᠎ᠡ ᠨᠢ ᠷᠠᠰᠢᠶᠠᠨ | ᠬᠤᠲᠠ ᠶᠢᠨ ᠬᠠᠷᠢᠶ᠎ᠠ ᠣᠷᠣᠨ ᠤ ᠬᠡᠪᠴᠢᠶ᠎ᠡ ᠪᠣᠯᠤᠨ᠎ᠠ᠃ | ᠬᠤᠶᠠᠷ᠂ ᠲᠣᠰ ᠤᠳᠠᠭᠠᠨ ᠤ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠨᠢ 2024 ᠣᠨ ᠤ 1 ᠰᠠᠷ᠎ᠠ ᠶᠢᠨ | 1 ᠤ ᠡᠳᠦᠷ ᠢᠶᠠᠷ ᠦᠨᠡᠯᠡᠬᠦ ᠡᠳᠦᠷ ᠪᠣᠯᠭᠠᠵᠤ᠂ ᠬᠤᠳᠠᠯᠳᠤᠭᠠᠨ ᠤ ᠦᠢᠯᠡᠴᠢᠯᠡᠭᠡ᠂ ᠣᠷᠣᠨ ᠰᠠᠭᠤᠴᠠ᠂ ᠠᠵᠤ | ᠦᠢᠯᠡᠳᠪᠦᠷᠢ᠂ ᠨᠡᠶᠢᠲᠡ ᠶᠢᠨ ᠬᠡᠷᠡᠭᠯᠡᠭᠡᠨ ᠤ ᠲᠦᠭᠦᠭᠡᠷᠤᠮᠵᠢ ᠶᠢᠨ ᠬᠡᠷᠡᠭᠯᠡᠬᠦ ᠭᠠᠵᠠᠷ᠂ ᠣᠯᠠᠨ ᠨᠡᠶᠢᠲᠡ ᠶᠢᠨ | ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠯᠡᠬᠦ ᠭᠠᠵᠠᠷ ᠵᠡᠷᠭᠡ ᠳᠥᠷᠪᠡᠨ ᠲᠥᠷᠥᠯ ᠤᠨ | ᠬᠡᠷᠡᠭᠴᠡᠭᠡ ᠪᠠᠷ ᠲᠡᠭᠦᠨ ᠤ ᠬᠠᠤᠯᠢ ᠪᠠᠷ ᠲᠣᠭᠲᠠᠭᠠᠭᠰᠠᠨ ᠬᠠᠮᠤᠭ ᠤᠨ ᠥᠨᠳᠥᠷ ᠬᠡᠷᠡᠭᠯᠡᠬᠦ ᠬᠤᠭᠤᠴᠠᠭ᠎ᠠ ᠶᠢ | ᠦᠨᠳᠦᠰᠦᠯᠡᠨ᠂ ᠨᠡᠭᠡᠭᠡᠨ ᠠᠰᠢᠭᠯᠠᠬᠤ ᠨᠥᠬᠦᠴᠡᠯ ᠳᠣᠤᠷᠠᠬᠢ ᠳᠤᠮᠳᠠᠴᠢ ᠭᠠᠵᠠᠷ ᠰᠢᠷᠣᠶ ᠶᠢᠨ ᠡᠷᠬᠡ ᠶᠢᠨ ᠦᠨ᠎ᠡ ᠶᠢ | ᠲᠣᠭᠲᠠᠭᠠᠨ᠎ᠠ᠃ | ᠲᠣᠰ ᠤᠳᠠᠭᠠᠨ ᠤ ᠲᠣᠬᠢᠷᠠᠭᠤᠯᠤᠯᠲᠠ ᠬᠢᠵᠦ ᠰᠢᠨᠡᠳᠬᠡᠭᠰᠡᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ | ᠲᠣᠭᠲᠠᠭᠠᠬᠤ ᠪᠠ ᠪᠠᠷᠢᠮᠵᠢᠶᠠᠲᠤ ᠭᠠᠵᠠᠷ ᠤᠨ ᠦᠨ᠎ᠡ ᠶᠢᠨ ᠦᠷ᠎ᠡ ᠪᠦᠲᠦᠭᠡᠯ ᠢ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠤᠨ᠎ᠡ᠂ ᠤᠤᠯ ᠤᠨ 2018 ᠣᠨ ᠤ 8 ᠰᠠᠷ᠎ᠠ ᠶᠢᠨ 10 ᠤ ᠡᠳᠦᠷ ᠷᠠᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠨᠡᠶᠢᠲᠡᠯᠡᠭᠰᠡᠨ ︽ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ | ᠲᠣᠭᠲᠠᠭᠠᠬᠤ ᠪᠠ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠨ ᠬᠡᠷᠡᠭᠵᠢᠭᠦᠯᠬᠦ | ᠲᠤᠬᠠᠶ ᠮᠡᠳᠡᠭᠳᠡᠯ︾ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | ᠳᠠᠭᠠᠯᠳᠤᠭᠤᠯᠤᠯ᠄ ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ ᠬᠢᠭᠡᠳ ᠰᠠᠭᠤᠷᠢ | ᠪᠠᠷᠢᠮᠵᠢᠶᠠᠲᠤ ᠭᠠᠵᠠᠷ ᠤᠨ ᠦᠨ᠎ᠡ ᠶᠢᠨ ᠦᠷ᠎ᠡ ᠪᠦᠲᠦᠭᠡᠯ ᠤᠨ ᠬᠦᠰᠦᠨᠦᠭᠲᠦ | 2025 ᠣᠨ ᠤ 3 ᠰᠠᠷ᠎ᠠ ᠶᠢᠨ 25 ᠤ ᠡᠳᠦᠷ | ※ ᠳᠠᠭᠠᠯᠳᠤᠭᠤᠯᠤᠯ ᠢ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠳᠠᠳ ᠰᠦᠯᠵᠢᠶ᠎ᠡ ᠠᠴᠠ | ᠦᠵᠡᠭᠡᠷᠡᠢ︕ |