| ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠦᠷᠦᠭᠦᠬᠡᠨ ᠨᠡᠶᠢᠲᠡᠯᠡᠭᠰᠡᠨ ︽ | 2025 ᠣᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠦᠭᠵᠢᠯᠳᠡ ᠢᠢᠨ ᠲᠦᠯᠦᠪᠯᠡᠭᠡ︾ ︵ᠳᠤᠷᠤᠭᠰᠢ ︽ᠲᠦᠯᠦᠪᠯᠡᠭᠡ︾ ᠭᠡᠵᠦ ᠳᠤᠪᠴᠢᠯᠠᠨ᠎ᠠ︶ ᠶᠢ | ᠦᠨᠳᠦᠰᠦᠯᠡᠪᠡᠯ᠂ ᠡᠨᠡ ᠵᠢᠯ ᠮᠠᠨ ᠤ ᠤᠷᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠰᠢᠨᠡᠴᠢᠯᠡᠯᠲᠡ ᠶᠢ ᠠᠬᠢᠭᠤᠯᠤᠨ᠂ ᠬᠤᠲᠠ | ᠪᠠᠯᠭᠠᠰᠤᠨ ᠤ 1291 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠵᠦ ᠪᠠᠶᠢᠭᠤᠯᠤᠨ᠎ᠠ᠃ | ︽ᠲᠦᠯᠦᠪᠯᠡᠭᠡ︾ ᠳᠤ᠂ ᠡᠨᠡ ᠵᠢᠯ ᠮᠠᠨ ᠤ ᠤᠷᠤᠨ ᠤᠯᠤᠰ ᠤᠨ ︽ᠬᠥᠮᠦᠨ ᠢᠶᠠᠷ ᠦᠨᠳᠦᠰᠦ ᠪᠣᠯᠭᠠᠭᠰᠠᠨ | ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠲᠠᠪᠤᠨ | ᠵᠢᠯ ᠤᠨ ᠠᠵᠢᠯᠯᠠᠭ᠎ᠠ ᠶᠢᠨ ᠲᠥᠯᠥᠪᠯᠡᠭᠡ︾ ᠵᠢᠴᠢ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ | ᠶᠢᠨ ᠲᠤᠷᠰᠢᠯᠲᠠ ᠶᠢᠨ ᠠᠵᠢᠯ ᠢ ᠰᠠᠶᠢᠲᠤᠷ ᠬᠢᠵᠦ᠂ ᠬᠤᠳᠠ ᠪᠠᠯᠭᠠᠰᠤᠵᠢᠯᠲᠠ ᠶᠢᠨ ᠨᠦᠬᠡᠴᠡ ᠬᠦᠴᠦᠨ ᠲᠠᠢ ᠭᠠᠵᠠᠷ | ᠣᠷᠣᠨ ᠳᠤ ᠠᠵᠤ ᠦᠢᠯᠡᠰ ᠢ ᠣᠷᠣᠭᠤᠯᠤᠨ ᠠᠪᠴᠢᠷᠠᠬᠤ ᠶᠢ ᠠᠬᠢᠭᠤᠯᠵᠤ᠂ ᠬᠥᠳᠡᠯᠮᠦᠷᠢ ᠨᠢᠭᠳᠠᠷᠠᠭᠰᠠᠨ ᠠᠵᠤ | ᠦᠢᠯᠡᠰ ᠢ ᠣᠷᠣᠭᠤᠯᠵᠤ ᠠᠪᠴᠢᠷᠠᠨ ᠪᠤᠶᠢᠵᠢᠭᠤᠯᠵᠤ᠂ ᠬᠦᠳᠡᠭᠡ ᠠᠴᠠ ᠰᠢᠯᠵᠢᠭᠰᠡᠳ ᠢ ᠬᠤᠳᠠ ᠶᠢᠨ ᠠᠷᠠᠳ | ᠪᠣᠯᠭᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠲᠦᠷᠭᠡᠳᠭᠡᠬᠦ ᠰᠠᠨᠠᠯ ᠢ ᠨᠡᠶᠢᠲᠡᠯᠡᠨ ᠬᠡᠷᠡᠭᠵᠢᠭᠦᠯᠵᠦ᠂ ᠰᠢᠶᠠᠨ ᠤ ᠬᠤᠲᠠ ᠪᠠᠷ ᠴᠢᠬᠤᠯᠠ | ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠨ᠎ᠡ᠃ ᠬᠤᠲᠠ ᠶᠢᠨ | ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠲᠠ ᠶᠢᠨ ᠭᠠᠵᠠᠷ ᠳᠣᠣᠷᠠᠬᠢ ᠬᠤᠭᠤᠯᠠᠢ | ᠲᠣᠣᠷ ᠵᠡᠷᠭᠡ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠤᠲᠠ ᠶᠢᠨ ᠰᠢᠨᠡᠴᠢᠯᠡᠯᠲᠡ ᠶᠢ ᠠᠬᠢᠭᠤᠯᠤᠨ᠂ | ᠬᠤᠲᠠ ᠪᠠᠯᠭᠠᠰᠤᠨ ᠤ 24.6 ᠲᠦᠮᠡᠨ ᠡᠷᠦᠬᠡ ᠪᠦᠬᠦᠢ 1291 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠨ ᠪᠠᠶᠢᠭᠤᠯᠵᠤ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠬᠤᠲᠠ ᠶᠢᠨ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ ᠭᠤᠣᠯ | ᠬᠤᠲᠠ ᠲᠣᠭᠤᠷᠢᠭ ᠤᠨ ᠲᠡᠷᠭᠡ ᠵᠣᠭᠰᠣᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠲᠣᠭᠲᠠᠭᠠᠵᠤ᠂ ᠣᠯᠠᠨ ᠨᠡᠶᠢᠲᠡ ᠶᠢᠨ ᠲᠡᠷᠭᠡ ᠶᠢᠨ ᠵᠣᠭᠰᠣᠭᠠᠯ ᠢ ᠰᠢᠨ᠎ᠡ ᠪᠠᠷ 1 ᠲᠦᠮᠡ | ᠨᠡᠮᠡᠭᠳᠡᠭᠦᠯᠦᠨ᠎ᠡ᠃ ᠳᠤᠯᠠᠭᠠᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠦᠨ᠂ ᠡᠯ᠎ᠡ | ᠲᠥᠷᠥᠯ ᠤᠨ ᠳᠤᠯᠠᠭᠠᠯᠠᠭ᠎ᠠ ᠶᠢᠨ ᠲᠦᠬᠦᠭᠡᠷᠦᠮᠵᠢ ᠶᠢ ᠰᠠᠶᠢᠲᠤᠷ ᠬᠠᠮᠠᠭᠠᠯᠠᠵᠤ᠂ ᠰᠢᠲᠠᠮᠠᠬᠠᠶ ᠬᠡᠢ᠂ ᠤᠰᠤ ᠬᠠᠩᠭᠠᠬᠤ | ᠂ ᠤᠰᠤ ᠲᠠᠲᠠᠷᠠᠭᠤᠯᠬᠤ᠂ ᠳᠤᠯᠠᠭᠠᠯᠠᠭ᠎ᠠ ᠬᠠᠩᠭᠠᠬᠤ ᠵᠡᠷᠭᠡ ᠶᠢᠨ ᠬᠠᠭᠤᠴᠢᠷᠬᠠᠰᠠᠨ ᠬᠤᠭᠤᠯᠠᠶ ᠶᠢ 1500 | ᠺᠢᠯᠣᠮᠧᠲᠷ ᠥᠭᠡᠷᠡᠴᠢᠯᠡᠨ ᠰᠢᠨᠡᠳᠭᠡᠵᠦ᠂ ᠳᠤᠯᠠᠭᠠᠯᠠᠭ᠎ᠠ ᠶᠢᠨ ᠬᠠᠮᠢᠶᠠᠷᠤᠯᠲᠠ᠂ ᠳᠤᠯᠠᠭᠠᠯᠠᠭ᠎ᠠ ᠶᠢᠨ ᠨᠥᠬᠦᠪᠥᠷᠢ ᠵᠡᠷᠭᠡ | ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠶᠤᠨᠲᠤ ᠳᠤᠯᠠᠭᠠᠯᠠᠭ᠎ᠠ | ᠬᠠᠩᠭᠠᠬᠤ ᠲᠤᠷᠰᠢᠯᠲᠠ ᠶᠢᠨ ᠴᠡᠭ ᠢ 2500 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ |