| 2024 ᠣᠨ ᠳᠤ᠂ ᠷᠠᠰᠢᠶᠠᠨ ᠪᠦᠬᠦ ᠬᠤᠳᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠠᠢ᠃ ᠬᠤᠳᠠ ᠶᠢᠨ | ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠬᠠᠷᠠᠯᠲᠠ ᠪᠠᠨ ᠲᠣᠭᠲᠠᠭᠠᠵᠤ | ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠪᠦᠬᠦ ᠬᠤᠳᠠ ᠶᠢᠨ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠪᠠ᠃ | | ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ | ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠳᠤ᠂ ᠷᠠᠰᠢᠶᠠᠨ ᠬᠤᠲᠠ ᠶᠢᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ 28.54 ᠳ᠋ᠦᠩᠰᠢᠭᠤᠷ ᠲᠥᠭᠦᠷᠢᠭ ᠲᠤ ᠬᠦᠷᠴᠦ᠂ ᠥᠯᠥ | ᠬᠤᠪᠢᠷᠠᠭᠤᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠃ ᠠᠵᠤ | ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 3.73 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠢᠶᠠᠷ ᠨᠡᠮᠡᠭᠳᠡᠪᠡ︔ ᠬᠤᠶᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 1.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 19.9% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ | 22.90 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠢᠶᠠᠷ ᠨᠡᠮᠡᠭᠳᠡᠪᠡ᠃ | ᠭᠤᠷᠪᠠᠨ ᠠᠵᠤ ᠦᠢᠯᠡᠰ ᠤᠨ ᠪᠦᠲᠦᠴᠡ ᠶᠢ ᠨᠢᠳᠤᠨᠤᠨ ᠤ ᠠᠳᠠᠯᠢ ᠬᠤᠭᠤᠴᠠᠭᠠᠨ ᠤ 23.5᠄ 15.3᠄ 61.2 | ᠪᠠᠶᠢᠭᠰᠠᠨ ᠠᠴᠠ 13.1᠄ 6.7᠄ 80. 2 ᠪᠣᠯᠭᠠᠨ ᠲᠣᠬᠢᠷᠠᠭᠤᠯᠪᠠ᠃ ᠭᠤᠷᠪᠠᠨ ᠠᠵᠤ ᠦᠢᠯᠡᠰ ᠤᠨ GDP | ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠤᠰ ᠲᠤᠰ 17.7᠄ 26.5᠂ 55.8 ᠪᠣᠯᠤᠨ᠎ᠠ᠃ | ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠳᠤ ᠤᠶᠠᠨ ᠬᠠᠳᠠᠨ ᠴᠢᠨᠠᠷᠲᠠᠢ ᠨᠡᠮᠡᠭᠳᠡᠯ ᠢ ᠪᠡᠶᠡᠯᠡᠭᠦᠯᠵᠦ᠂ | ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠶᠢ ᠥᠷᠭᠡᠳᠭᠡᠪᠡ᠃ 2024᠂ ᠮᠠᠨ ᠤ ᠬᠤᠲᠠ ᠶᠢᠨ 500 | ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 10.1% ᠪᠠᠷ ᠨᠡᠮᠡᠭᠳᠡᠪᠡ᠃ | ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠲᠦᠷᠭᠡᠨ ᠢᠶᠠᠷ ᠨᠡᠮᠡᠭᠳᠡᠵᠦ᠂ ᠦᠢᠯᠡᠳᠪᠦᠷᠢᠯᠡᠯ | ᠯᠠᠪᠳᠠᠭᠤᠨ ᠢᠶᠠᠷ ᠠᠬᠢᠪᠠ᠃ 2024 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠦᠷᠳᠡᠭ ᠢ 1.05 ᠳ᠋ᠦᠩᠰᠢᠭᠤᠷ ᠲᠥᠭᠦᠷᠢᠭ ᠲᠤ ᠬᠦᠷᠭᠡᠪᠡ᠃ ᠠᠳᠠᠯᠢ | ᠬᠤᠭᠤᠴᠠᠭᠠᠨ ᠤ ᠬᠢ ᠠᠴᠠ 52.8% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 48.1% ᠪᠠᠷ ᠨᠡᠮᠡᠭᠳᠡᠪᠡ᠃ | ᠬᠡᠷᠡᠭᠯᠡᠭᠡᠨ ᠤ ᠪᠦᠲᠦᠴᠡ ᠳᠡᠰ ᠳᠡᠪᠰᠢᠬᠦ ᠶᠢ ᠲᠦᠷᠭᠡᠳᠬᠡᠨ᠂ ᠬᠡᠷᠡᠭᠴᠡᠭᠡ ᠱᠠᠭᠠᠷᠳᠠᠯᠭ᠎ᠠ ᠦᠷᠭᠦᠯᠵᠢᠯᠡᠨ | ᠨᠡᠮᠡᠭᠳᠡᠪᠡ᠃ 2024 ᠣᠨ ᠳᠤ᠂ ᠨᠡᠶᠢᠭᠡᠮ ᠤᠨ ᠬᠡᠷᠡᠭᠯᠡᠭᠡᠨ ᠤ ᠵᠤᠶᠢᠯᠡᠰ ᠢ ᠵᠢᠵᠢᠭᠯᠡᠨ ᠬᠤᠳᠠᠯᠳᠤᠭᠰᠠᠨ ᠪᠥᠬᠦ | ᠲᠤᠭ᠎ᠠ 57227.9 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠪᠠᠷ | ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ︽ ᠪᠦᠬᠡᠮ ᠢᠶᠠᠷ ᠬᠤᠳᠠᠯᠳᠤᠬᠤ ᠤᠶᠢᠯᠡᠰ︾ ︽ | ᠵᠢᠵᠢᠭᠯᠡᠨ ᠬᠤᠳᠠᠯᠳᠤᠬᠤ ᠤᠶᠢᠯᠡᠰ︾᠂ ︽ᠬᠤᠨᠤᠭ ᠤᠨ ᠦᠢᠯᠡᠰ︾᠂ ︽ᠢᠳᠡᠭᠡᠨ ᠤᠮᠳᠠᠭᠠᠨ ᠤ ᠤᠶᠢᠯᠡᠰ︾ ᠤᠨ | ᠬᠤᠶᠠᠷ ᠨᠢ ᠦᠰᠴᠤ ᠬᠤᠶᠠᠷ ᠨᠢ ᠪᠠᠭᠤᠷᠠᠬᠤ ᠪᠠᠶᠢᠳᠠᠯ ᠢᠯᠡᠷᠡᠵᠦ᠂ ᠪᠥᠭᠡᠮ ᠢᠶᠠᠷ ᠬᠤᠳᠠᠯᠳᠤᠬᠤ ᠦᠢᠯᠡᠰ᠂ ᠬᠤᠨᠤᠭ | ᠤᠨ ᠦᠢᠯᠡᠰ ᠤᠨ ᠪᠣᠷᠣᠯᠠᠭᠤᠯᠤᠯᠲᠠ ᠶᠢᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠳᠡᠭᠡᠷ᠎ᠡ ᠵᠢᠯ ᠤᠨ ᠬᠢ ᠠᠴᠠ | ᠪᠠᠭᠤᠷᠠᠵᠤ᠂ ᠪᠤᠰᠤᠳ ᠨᠢ ᠴᠥᠮ ᠥᠰᠬᠦ ᠬᠠᠨᠳᠤᠰᠢ ᠲᠠᠢ᠄ ᠪᠥᠭᠡᠮ ᠢᠶᠠᠷ ᠬᠤᠳᠠᠯᠳᠤᠬᠤ ᠦᠢᠯᠡᠰ ᠤᠨ | ᠪᠣᠷᠣᠯᠠᠭᠤᠯᠤᠯᠲᠠ ᠶᠢᠨ ᠬᠡᠮᠵᠢᠶ᠎ᠡ 27110.9 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.3% ᠪᠠᠷ ᠪᠠᠭᠤᠷᠠᠪᠠ︔ ᠵᠢᠵᠢᠭᠯᠡᠨ ᠬᠤᠳᠠᠯᠳᠤᠬᠤ ᠦᠢᠯᠡᠰ ᠤᠨ | ᠪᠣᠷᠣᠯᠠᠭᠤᠯᠤᠯᠲᠠ ᠶᠢᠨ ᠬᠡᠮᠵᠢᠶ᠎ᠡ 47074 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 4.6% ᠪᠠᠷ ᠨᠡᠮᠡᠭᠳᠡᠪᠡ︔ ᠬᠤᠨᠤᠭ ᠤᠨ ᠡᠵᠡᠩᠨᠡᠯᠲᠡ ᠶᠢᠨ ᠬᠡᠮᠵᠢᠶ᠎ᠡ 5812.2 ᠲᠦᠮᠡᠨ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 0.6% ᠪᠠᠷ ᠪᠠᠭᠤᠷᠠᠪᠠ︔ ᠢᠳᠡᠭᠡᠨ ᠤᠮᠳᠠᠭᠠᠨ ᠤ ᠦᠢᠯᠡᠰ ᠤᠨ | ᠡᠵᠡᠩᠨᠡᠯᠲᠡ ᠶᠢᠨ ᠬᠡᠮᠵᠢᠶ᠎ᠡ 21263.8 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 3.9% ᠪᠠᠷ ᠨᠡᠮᠡᠭᠳᠡᠪᠡ᠃ | ᠰᠠᠭᠤᠭᠠᠯᠢ ᠠᠷᠠᠳ ᠤᠨ ᠣᠷᠤᠯᠭ᠎ᠠ ᠵᠢᠯ ᠳᠠᠷᠠᠭᠠᠯᠠᠨ ᠨᠡᠮᠡᠭᠳᠡᠵᠦ᠂ ᠬᠤᠲᠠ ᠬᠥᠳᠡᠭᠡ ᠶᠢᠨ ᠣᠷᠤᠯᠭ᠎ᠠ ᠶᠢᠨ | ᠵᠦᠷᠢᠶ᠎ᠡ ᠪᠠᠭᠠᠰᠴᠠᠢ᠃ 2024 ᠣᠨ ᠳᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 38954 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.0% ᠢᠶᠠᠷ | ᠨᠡᠮᠡᠭᠳᠡᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠡᠭᠦᠨ ᠳᠤ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 40161 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2 % ᠢᠶᠠᠷ ᠨᠡᠮᠡᠭᠳᠡᠪᠡ︔ ᠮᠠᠯᠵᠢᠬᠤ | ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 17830 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3 % ᠪᠠᠷ ᠨᠡᠮᠡᠭᠳᠡᠪᠡ︔ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2.25 | ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.03 ᠪᠠᠷ ᠪᠠᠭᠠᠰᠬᠠᠪᠠ᠃ | ᠶᠡᠷᠦᠩᠬᠡᠢ ᠳᠤᠨᠢ ᠠᠪᠴᠤ ᠦᠵᠡᠪᠡᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠷᠢᠨ ᠨᠠᠶᠢᠳᠠᠪᠤᠷᠢᠵᠢᠭᠤᠯᠵᠤ᠂ ᠬᠤᠳᠠ ᠶᠢᠨ ᠡᠯ᠎ᠡ ᠰᠠᠯᠠᠭ᠎ᠠ ᠮᠥᠴᠢᠷ ᠬᠠᠮᠵᠢᠯᠴᠠᠨ | ᠬᠠᠮᠲᠤᠷᠠᠯᠴᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠬᠥᠭᠵᠢᠯᠲᠡ ᠶᠢᠨ ᠤᠶᠠᠨ ᠬᠠᠳᠠᠨ | ᠴᠢᠨᠠᠷ ᠪᠣᠯᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠵᠦ᠂ 2025 ᠣᠨ ᠤ ᠪᠦᠬᠦ ᠵᠢᠯ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠤᠨ᠎ᠡ᠃ |