ᠡᠳ᠋ ᠤᠨ ᠵᠠᠰᠠᠭ ᠠᠴᠠ ᠲᠤᠰᠬᠠᠢ ᠪᠡᠯᠡ ᠮᠦᠩᠬᠦ ᠪᠠᠭᠤᠯᠭᠠᠵᠤ ᠠᠵᠤ ᠦᠢᠯᠡᠰ ᠤᠨ ᠪᠦᠯᠥᠭᠵᠢᠯ ᠤᠨ ᠬᠦᠭᠵᠢᠯᠳᠠ ᠶᠢ ᠠᠬᠢᠭᠤᠯᠪᠠ
ᠨᠡᠶᠢᠲᠡᠯᠡᠭᠰᠡᠨ ᠴᠠᠭ᠄
2025/3/6
    ᠮᠠᠨ ᠤ ᠤᠷᠤᠨ ᠨᠢᠭᠡᠨᠲᠡ ᠲᠦᠬᠦᠭᠡᠷᠦᠮᠵᠢᠲᠦ ᠢᠳᠡᠰᠢᠨ ᠨᠣᠭᠤᠭ᠎ᠠ᠂ ᠪᠣᠭᠤᠳᠠᠶ᠂ ᠰᠢᠬᠢᠷ ᠯᠤᠤᠪᠠᠩ ᠵᠡᠷᠭᠡ ᠮᠠᠯ ᠠᠵᠤ ᠠᠬᠤᠢ ᠲᠠᠷᠢᠶᠠᠯᠠᠩ ᠤᠨ ᠵᠠᠭᠤᠨ ᠳ᠋ᠦᠩᠰᠢᠭᠤᠷ ᠤᠨ ᠲᠠᠰ ᠤᠨ 9 ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠵᠤ᠂ ᠡᠳᠡᠬᠡᠷ ᠠᠵᠤ ᠦᠢᠯᠡᠰ ᠤᠨ ᠪᠦᠯᠦᠭᠵᠢᠯ ᠢ ᠤᠷᠮᠠᠰᠢᠭᠤᠯᠤᠨ ᠬᠦᠭᠵᠢᠬᠦᠯᠬᠦ ᠪᠠᠷ ᠤᠳᠤᠬᠠᠨ ᠪᠤᠯᠳᠠᠯ᠎ᠠ ᠨᠡᠶᠢᠳᠡ 1500 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠪᠡᠯᠡ ᠮᠦᠩᠬᠦ ᠪᠠᠭᠤᠯᠭᠠᠪᠠ᠃    ᠮᠠᠨ ᠤ ᠤᠷᠤᠨ ᠡᠳ᠋ ᠤᠨ ᠵᠠᠰᠠᠭ ᠠᠴᠠ ᠪᠠᠭᠤᠯᠭᠠᠭᠰᠠᠨ ᠡᠨᠡ ᠬᠦ ᠲᠤᠰᠬᠠᠢ ᠪᠠᠯᠠ ᠮᠥᠩᠭᠦ ᠶᠢ ᠭᠤᠤᠯᠳᠠᠭᠤ ᠮᠠᠯ ᠠᠵᠤ ᠠᠬᠤᠢ ᠲᠠᠷᠢᠶᠠᠯᠠᠩ ᠤᠨ ᠵᠠᠭᠤᠨ ᠳ᠋ᠦᠩᠰᠢᠭᠤᠷ ᠤᠨ ᠲᠠᠰ ᠤᠨ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠤᠨ ᠦᠢᠯᠡᠳᠪᠦᠷᠢᠯᠡᠯ ᠤᠨ ᠰᠠᠭᠤᠷᠢᠨ ᠢ ᠪᠠᠷᠢᠮᠵᠢᠶᠠᠵᠢᠭᠤᠯᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠪᠤᠯᠤᠨ ᠡᠳ᠋ ᠪᠠᠷᠠᠭᠠᠨ ᠤ ᠭᠦᠢᠯᠭᠡᠭᠡ ᠶᠢᠨ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠮᠠᠯ ᠠᠵᠤ ᠠᠬᠤᠶ ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠠᠴᠢᠯᠠᠯᠲᠠ ᠶᠢᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠲᠥᠷᠥᠯ ᠲᠡᠮᠳᠡᠭᠲᠦ ᠶᠢᠨ ᠰᠢᠰᠲ᠋ᠧᠮ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠳᠠ ᠵᠢᠴᠢ ᠡᠵᠡᠩᠨᠡᠯᠲᠡ ᠪᠠ ᠦᠢᠯᠡᠴᠢᠯᠡᠬᠡᠨ ᠤ ᠭᠤᠤᠯ ᠴᠣᠭᠴᠠ ᠶᠢᠨ ᠪᠠᠶᠢᠭᠤᠯᠤᠯᠳᠠ ᠳᠤ ᠬᠡᠷᠡᠭᠯᠡᠬᠦᠯᠪᠡ᠃    ᠮᠠᠨ ᠤ ᠤᠷᠤᠨ ᠲᠥᠷᠥᠯ ᠵᠦᠢᠯ ᠢ ᠪᠤᠶᠢᠵᠢᠭᠤᠯᠬᠤ ᠪᠠ ᠤᠷᠮᠠᠰᠢᠭᠤᠯᠤᠨ ᠬᠦᠭᠵᠢᠬᠦᠯᠬᠦ ᠶᠢ ᠴᠢᠬᠤᠯᠠᠴᠢᠯᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ ᠪᠤᠶᠢᠵᠢᠭᠤᠯᠬᠤ ᠲᠥᠰᠦᠯ︾ ᠢ ᠲᠣᠭᠲᠠᠭᠠᠨ ᠬᠡᠷᠡᠭᠵᠢᠬᠦᠯᠵᠤ᠂ ᠳᠠᠪᠠᠭᠤᠯᠢᠭ ᠲᠣᠪᠤᠶᠢᠮ᠎ᠠ᠂ ᠰᠠᠭᠤᠷᠢ ᠨᠥᠬᠦᠴᠡᠯ ᠢᠶᠠᠷ ᠰᠠᠶᠢᠨ᠂ ᠬᠦᠭᠵᠢᠯᠲᠡ ᠶᠢᠨ ᠬᠦᠴᠦᠨ ᠵᠦᠢᠯ ᠢ ᠲᠥᠪᠯᠡᠷᠡᠭᠦᠯᠦᠭᠰᠡᠨ᠂ ᠠᠮᠢ ᠠᠬᠤᠶ ᠶᠢᠨ ᠤᠳᠤᠷᠢᠳᠤᠮᠵᠢ ᠪᠠᠷ ᠢᠯᠡ ᠲᠣᠳᠣ᠂ ᠶᠠᠰᠤ ᠴᠢᠨᠠᠷ ᠦᠷ᠎ᠡ ᠠᠰᠢᠭ ᠢᠶᠠᠷ ᠢᠯᠡᠳᠲᠡ᠂ ᠨᠥᠯᠥᠭᠡᠯᠡᠨ ᠳᠠᠶᠢᠴᠢᠯᠠᠬᠤ ᠬᠦ᠋ᠴᠦᠨ ᠲᠠᠢ ᠨᠢᠭᠡ ᠪᠦᠯᠦᠭ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠢ ᠲᠥᠪᠯᠡᠷᠡᠭᠦᠯᠦᠨ ᠪᠤᠶᠢᠵᠢᠭᠤᠯᠪᠠ᠃ ᠪᠠᠰᠠ ᠪᠥᠬᠦ ᠤᠯᠤᠰ ᠲᠤ ᠲᠦᠷᠦᠬᠦᠯᠡᠨ ᠤᠯᠤᠰ ᠤᠨ ᠳᠡᠰ ᠤᠨ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠤᠨ ᠪᠦᠯᠦᠭᠵᠢᠯ ᠤᠨ ᠲᠤᠰᠬᠠᠶ ᠲᠥᠷᠥᠯ ᠤᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠵᠥᠪᠰᠢᠶᠡᠷᠡᠯ ᠣᠯᠤᠭᠰᠠᠨ ᠪᠠ ᠦᠨᠡᠯᠡᠯᠳᠡ ᠶᠢᠨ ᠦᠷ᠎ᠡ ᠳ᠋ᠦᠩ ᠢᠶᠠᠷ ᠡᠮᠦᠨ᠎ᠡ ᠡᠩᠨᠡᠭᠡᠨ ᠳᠤ ᠤᠷᠤᠭᠰᠠᠨ ᠤᠯᠤᠰ ᠤᠨ ᠳᠡᠰ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠠᠵᠤ ᠦᠢᠯᠡᠰ ᠤᠨ ᠪᠦᠯᠦᠭᠵᠢᠯ ᠤᠨ ᠭᠠᠵᠠᠷ ᠣᠷᠣᠨ ᠳᠤ ᠲᠥᠪ ᠤᠨ ᠡᠳ᠋ ᠤᠨ ᠵᠠᠰᠠᠭ ᠤᠨ ᠪᠠᠯᠠ ᠮᠥᠩᠭᠦ ᠶᠢᠨ 10% ᠪᠠᠷ ᠱᠠᠩᠨᠠᠯ ᠨᠥᠬᠦᠪᠥᠷᠢ ᠤᠯᠭᠤᠵᠤ᠂ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠶᠢᠨ ᠢᠳᠡᠪᠬᠢᠵᠢᠯ ᠢ ᠲᠠᠰᠤᠷᠠᠯᠲᠠ ᠥᠬᠡᠶ ᠳᠡᠭᠡᠭᠰᠢᠯᠡᠭᠦᠯᠵᠤ ᠪᠠᠶᠢᠨ᠎ᠠ᠃ ︵ᠡᠬᠡ ᠪᠢᠴᠢᠭ ᠢ ︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶    ᠮᠠᠨ ᠤ ᠤᠷᠤᠨ ᠵᠠᠷ ᠮᠡᠳᠡᠭᠡᠨ ᠤ ᠬᠢᠨᠠᠯᠳᠠ ᠬᠠᠮᠢᠶᠠᠷᠤᠯᠳᠠ ᠶᠢᠨ ᠤᠷᠢᠳᠴᠢᠯᠠᠨ ᠰᠡᠷᠡᠮᠵᠢᠯᠡᠬᠦᠯᠵᠤ ᠰᠠᠨᠠᠭᠤᠯᠬᠤ ᠲᠤᠭᠳᠠᠴᠠ ᠶᠢ ᠬᠡᠷᠡᠭᠵᠢᠬᠦᠯᠵᠤ ᠪᠤᠢ    2024 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠡᠶ᠎ᠡ ᠶᠢᠨ ᠪᠠᠶᠢᠴᠠᠭᠠᠯᠲᠠ ᠶᠢᠨ ᠭᠡᠯᠪᠠᠷᠢ ᠶᠢᠨ ᠬᠢᠨᠠᠯᠲᠠ ᠬᠠᠮᠢᠶᠠᠷᠤᠯᠲᠠ ᠦᠢᠯᠡᠴᠢᠯᠡᠭᠡᠨ ᠤ ᠮᠠᠶ᠋ᠢᠭ ᠤᠨ ᠬᠠᠤᠯᠢ ᠬᠡᠷᠡᠭᠵᠢᠭᠦᠯᠦᠯᠲᠡ︾ ᠶᠢᠨ ᠠᠵᠢᠯ ᠤᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ ᠶᠢᠨ ᠤᠶᠢᠯᠠᠭᠠᠬᠳᠠᠬᠤᠨ ᠢ ᠬᠤᠪᠢᠷᠠᠭᠤᠯᠵᠤ᠂ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠲᠣᠭᠲᠠᠴᠠ ᠶᠢ ᠬᠡᠷᠡᠭᠵᠢᠭᠦᠯᠵᠦ᠂ ᠦᠢᠯᠡᠴᠢᠯᠡᠭᠡ ᠶᠢ ᠬᠢᠨᠠᠯᠲᠠ ᠬᠠᠮᠢᠶᠠᠷᠤᠯᠲᠠ ᠠᠴᠠ ᠡᠮᠦᠨ᠎ᠡ ᠶᠠᠪᠤᠬᠳᠠᠭᠤᠯᠵᠤ ᠪᠠᠶᠢᠨ᠎ᠠ     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠬᠠᠤᠯᠢ ᠲᠤᠬᠲᠠᠭᠠᠯ ᠠᠴᠠ ᠵᠦᠷᠢᠴᠡᠬᠦ ᠠᠵᠢᠯᠯᠠᠭ᠎ᠠ ᠤᠯᠠᠨ ᠡᠭᠦᠰᠬᠦ ᠵᠠᠷ ᠮᠡᠳᠡᠭᠡ ᠶᠢᠨ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠴᠢᠭᠯᠡᠭᠦᠯᠬᠦ ᠴᠢᠨᠠᠷᠲᠠᠶ ᠪᠠᠷ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ᠂ ᠢᠳᠡᠭᠡᠨ᠂ ᠡᠮ ᠤᠨ ᠵᠦᠢᠯᠡᠰ᠂ ᠡᠷᠡᠭᠦᠯᠵᠢᠯ ᠤᠨ ᠢᠳᠡᠭᠡᠨ᠂ ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ᠂ ᠡᠮᠴᠢᠯᠡᠭᠡᠨ ᠤ ᠪᠠᠭᠠᠵᠢ ᠬᠡᠷᠡᠭᠰᠡᠯ᠂ ᠬᠡᠷ ᠭᠠᠵᠠᠷ ᠤᠨ ᠬᠥᠷᠥᠩᠭᠡ ᠵᠡᠷᠭᠡ ᠣᠯᠠᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ  ᠶᠢᠨ ᠵᠠᠷ ᠮᠡᠳᠡᠭᠡ ᠶᠢᠨ ᠠᠵᠢᠯ ᠲᠥᠷᠥᠯ ᠤᠨ ᠬᠠᠤᠯᠢ ᠲᠣᠭᠲᠠᠭᠠᠯ ᠳᠤ ᠨᠡᠶᠢᠴᠡᠭᠦᠯᠬᠦ ᠰᠠᠨᠠᠭᠤᠯᠤᠮᠵᠢ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ ᠵᠡᠷᠭᠡ 4 ᠰᠠᠯᠠᠭ᠎ᠠ ᠮᠥᠴᠢᠷ ᠲᠠᠢ ᠬᠠᠮᠳᠤᠷᠠᠵᠤ ᠡᠮ ᠡᠮᠨᠡᠯᠭᠡ᠂ ᠰᠤᠷᠭᠠᠨ ᠬᠥᠮᠦᠵᠢᠯ ᠤᠨ ᠵᠠᠷ ᠮᠡᠳᠡᠭᠡ ᠶᠢᠨ ᠠᠵᠢᠯ ᠲᠥᠷᠥᠯ ᠤᠨ ᠬᠠᠤᠯᠢ ᠲᠣᠭᠲᠠᠭᠠᠯ ᠳᠤ ᠨᠡᠶᠢᠴᠡᠭᠦᠯᠬᠦ ᠰᠠᠨᠠᠭᠤᠯᠤᠮᠵᠢ ᠶᠢ ᠳᠠᠷᠤᠮᠠᠯᠯᠠᠨ ᠲᠠᠷᠬᠠᠭᠠᠪᠠ᠃ ᠵᠠᠷᠢᠮ ᠪᠦᠯᠦᠭᠯᠡᠯ ᠺᠤᠮᠫᠠᠨᠢ ᠲᠠᠢ ᠬᠠᠮᠲᠤᠷᠠᠨ ᠲᠤᠰᠬᠠᠶ ᠮᠡᠷᠭᠡᠵᠢᠯᠲᠡᠨ ᠢ ᠤᠷᠢᠵᠤ᠂ ᠬᠥᠯᠥᠨ ᠪᠤᠶᠢᠷ᠂ ᠰᠢᠯᠢ ᠶᠢᠨ ᠭᠤᠤᠯ᠂ ᠠᠯᠠᠱᠠ ᠵᠡᠷᠭᠡ 6 ᠠᠶᠢᠮᠠᠭ ᠬᠤᠲᠠ ᠶᠢᠨ ᠬᠡᠰᠡᠭ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠢᠯᠡᠷᠬᠡᠶᠢᠯᠡᠯᠲᠦ ᠦᠢᠯᠡᠳᠬᠦᠨ ᠤ ᠠᠵᠤ ᠠᠬᠤᠶᠢᠯᠠᠯ᠂ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠲᠡᠭᠲᠦ ᠭᠡᠷᠡᠴᠢᠯᠡᠯ ᠤᠨ ᠠᠵᠤ ᠠᠬᠤᠶᠢᠯᠠᠯ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠶᠢᠯᠠᠯ᠂ ᠵᠡᠷ ᠮᠡᠳᠡᠭᠡᠨ ᠤ ᠠᠵᠤ ᠠᠬᠤᠶᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠮᠠᠯᠴᠢᠨ ᠲᠠᠷᠢᠶᠠᠴᠢᠨ ᠵᠡᠷᠭᠡ ᠳᠤ ᠢᠨᠲ᠋ᠧᠷ ᠰᠦᠯᠵᠢᠶᠡᠨ ᠤ ᠵᠠᠷ ᠮᠡᠳᠡᠭᠡ ᠶᠢ ᠬᠠᠤᠯᠢ ᠲᠣᠭᠲᠠᠭᠠᠯ ᠳᠤ ᠨᠡᠶᠢᠴᠡᠬᠦᠯᠬᠦ ᠵᠢᠯᠣᠭᠤᠳᠤᠮᠵᠢ ᠵᠢᠴᠢ ᠰᠦᠯᠵᠢᠶᠡᠨ ᠳᠡᠭᠡᠷ᠎ᠡ ᠡᠵᠡᠩᠨᠡᠨ ᠪᠣᠷᠣᠯᠠᠭᠤᠯᠬᠤ ᠮᠡᠷᠭᠡᠵᠢᠯ ᠴᠢᠳᠠᠪᠤᠷᠢ ᠶᠢᠨ ᠪᠣᠯᠪᠠᠰᠦᠷᠡᠯ ᠥᠷᠨᠢᠭᠦᠯᠵᠦ᠂ ᠠᠵᠤ ᠠᠬᠤᠶᠢᠯᠠᠯ ᠪᠣᠯᠤᠨ ᠬᠠᠮᠢᠶ᠎ᠠ ᠪᠦᠬᠦᠢ ᠠᠵᠢᠯᠯᠠᠭᠰᠠᠳ ᠢ ᠬᠠᠪᠰᠤᠷᠤᠨ ᠵᠠᠷ ᠮᠡᠳᠡᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠰᠦᠯᠵᠢᠶᠡᠨ ᠤ ᠡᠵᠡᠩᠨᠡᠨ ᠪᠣᠷᠣᠯᠠᠭᠤᠯᠤᠯᠲᠠ ᠶᠢᠨ ᠬᠠᠮᠤᠭ ᠤᠨ ᠰᠢᠨ᠎ᠡ ᠬᠠᠨᠳᠤᠰᠢ ᠪᠣᠯᠤᠨ ᠠᠷᠭ᠎ᠠ ᠪᠣᠳᠣᠯᠭ᠎ᠠ ᠶᠢ ᠡᠵᠡᠮᠰᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠲᠦᠷᠦᠯ ᠲᠡᠮᠲᠡᠭ ᠢ ᠰᠢᠭᠤᠳ ᠨᠡᠪᠲᠡᠷᠡᠭᠦᠯᠭᠡ ᠪᠠᠷ ᠡᠵᠡᠩᠨᠡᠨ ᠪᠣᠷᠣᠯᠠᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠵᠢᠯᠣᠭᠤᠳᠤᠨ ᠬᠠᠪᠰᠤᠷᠤᠨ ᠲᠡᠳᠬᠦᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号