ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠪᠢᠴᠢᠭ ᠤᠨ ᠰᠤᠷᠪᠤᠯᠵᠢᠲᠤ ᠪᠣᠯᠪᠠᠰᠤᠨ ᠭᠡᠷ ᠣᠷᠣᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/1
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠲᠠᠯ᠎ᠠ ᠨᠤᠲᠤᠭ ᠤᠨ ᠨᠣᠮ ᠤᠨ ᠥᠷᠥᠭᠡ ᠪᠠᠷ ᠲᠦᠰᠢᠭ ᠪᠣᠯᠭᠠᠵᠤ᠂ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠨᠡᠶᠢᠭᠡᠮ ᠲᠣᠭᠤᠷᠢᠭ ᠲᠤ ᠭᠦᠨ ᠵᠤᠵᠠᠭᠠᠨ ᠪᠢᠴᠢᠭ ᠤᠨ ᠰᠤᠷᠪᠤᠯᠵᠢᠲᠤ ᠠᠭᠤᠷ ᠠᠮᠢᠰᠬᠤᠯ ᠢ ᠪᠣᠶ ᠪᠣᠯᠭᠠᠪᠠ᠃    ᠠᠵᠢᠯᠯᠠᠭ᠎ᠠ ᠶᠢᠨ ᠶᠠᠪᠤᠴᠠ ᠳᠤ᠂ ᠨᠡᠶᠢᠭᠡᠮ ᠲᠣᠭᠤᠷᠢᠭ ᠤᠨ ᠣᠯᠠᠨ ᠶᠠᠩᠵᠤ ᠶᠢᠨ ᠨᠣᠮ ᠤᠩᠰᠢᠵᠤ ᠬᠤᠪᠢᠶᠠᠯᠴᠠᠬᠤ ᠬᠤᠷᠠᠯ ᠢ ᠵᠣᠬᠢᠶᠠᠨ ᠪᠠᠶᠢᠭᠤᠯᠵᠤ᠂ ᠮᠠᠰᠢ ᠣᠯᠠᠨ ᠰᠠᠭᠤᠭᠠᠯᠢ ᠠᠷᠠᠳ ᠣᠷᠣᠯᠴᠠᠪᠠ᠃ ᠣᠷᠣᠯᠴᠠᠭᠴᠢ ᠬᠠᠮᠲᠤ ᠰᠠᠭᠤᠯᠴᠠᠵᠤ᠂ ᠥᠪᠡᠷ ᠤᠨ ᠰᠣᠩᠭᠤᠭᠰᠠᠨ ᠨᠣᠮ ᠪᠢᠴᠢᠭ ᠢᠶᠠᠨ ᠨᠠᠷᠢᠨ ᠬᠢᠨᠠᠮᠠᠭᠠᠢ ᠤᠩᠰᠢᠬᠤ ᠶᠢᠨ ᠬᠠᠮᠲᠤ ᠨᠣᠮ ᠤᠩᠰᠢᠭᠰᠠᠨ ᠲᠦᠷᠦᠭᠳᠡᠯ ᠢᠶᠠᠨ ᠬᠤᠪᠢᠶᠠᠯᠴᠠᠪᠠ᠃ ᠣᠯᠠᠨ ᠢᠶᠠᠷ ᠢᠶᠠᠨ ᠥᠪᠡᠷ ᠤᠨ ᠠᠮᠢᠳᠤᠷᠠᠯ ᠪᠠ ᠠᠵᠢᠯ ᠤᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠤᠩᠰᠢᠯᠭ᠎ᠠ ᠠᠴᠠ ᠪᠣᠯᠤᠭᠰᠠᠨ ᠣᠯᠤᠯᠲᠠ ᠪᠠ ᠰᠡᠩᠬᠡᠷᠡᠭᠦᠯᠦᠯ ᠢ ᠠᠭᠤᠵᠢᠷᠠᠲᠠᠯ᠎ᠠ ᠶᠠᠷᠢᠯᠴᠠᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠨᠣᠮ ᠤᠩᠰᠢᠬᠤ ᠠᠭᠤᠷ ᠠᠮᠢᠰᠬᠤᠯ ᠬᠦᠨ ᠵᠣᠵᠠᠭᠠᠨ ᠪᠠᠶᠢᠯ᠎ᠠ᠃  ᠾᠧ ᠫᠢᠩ ᠨᠡᠶᠢᠭᠡᠮ ᠲᠣᠭᠤᠷᠢᠭ ᠲᠣᠰ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭ᠎ᠠ ᠪᠠ ᠬᠠᠮᠵᠢᠯᠴᠠᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠤ ᠤᠩᠰᠢᠯᠭ᠎ᠠ ᠶᠢᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠭᠰᠡᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠤᠨ ᠲᠠᠯ᠎ᠠ ᠨᠤᠲᠤᠭ ᠤᠨ ᠨᠣᠮ ᠤᠨ ᠥᠷᠥᠭᠡ ᠨᠢ ᠪᠥᠬᠦ ᠠᠷᠠᠳ ᠤᠨ ᠤᠩᠰᠢᠯᠭ᠎ᠠ ᠶᠢᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯᠯᠠᠭ᠎ᠠ ᠶᠢᠨ ᠬᠡᠯᠪᠡᠷᠢ ᠪᠠ ᠠᠭᠤᠯᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠨᠣᠮ ᠤᠨ ᠥᠷᠥᠭᠡ ᠶᠢᠨ ᠬᠠᠮᠢᠶᠠᠷᠤᠯᠲᠠ ᠪᠠ ᠦᠢᠯᠡᠴᠢᠯᠡᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠸᠡᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号