ᠲᠢᠶᠠᠨ ᡂᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠦᠵᠡᠮᠵᠢ ᠶᠢᠨ ᠣᠷᠣᠨ ᠤ ᠶᠡᠷᠦᠩᠬᠡᠢ ᠵᠠᠰᠠᠯᠳᠡ  ᠶᠢᠨ ᠠᠵᠢᠯ ᠢ ᠲᠣᠬᠢᠷᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/4/1
    3 ᠰᠠᠷ᠎ᠠ ᠶᠢᠨ 31 ᠤ ᠡᠳᠦᠷ ᠂  ᠷᠡᠰᠢᠶᠠᠨ ᠬᠤᠳᠡ ᠶᠢᠨ ᠲᠢᠶᠠᠨ ᡂᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠯᠦᠩ  ᠲᠢᠶᠠᠨ ᡂᠢ ᠦᠵᠡᠮᠵᠢ ᠶᠢᠨ ᠣᠷᠣᠨ ᠢ ᠶᠡᠷᠦᠩᠬᠡᠶᠢᠯᠡᠨ ᠵᠠᠰᠠᠬᠤ ᠵᠢᠯᠣᠭᠤᠳᠬᠤ ᠭᠠᠵᠠᠷ ᠢᠶᠠᠷ ᠭᠦᠨᠵᠡᠭᠡᠶᠢᠷᠡᠨ ᠦᠵᠡᠮᠵᠢ ᠶᠢᠨ ᠣᠷᠣᠨ ᠢ ᠶᠡᠷᠦᠩᠬᠡᠶᠢᠯᠡᠨ ᠵᠠᠰᠠᠬᠤ ᠠᠵᠢᠯ ᠢ ᠳᠣᠭᠢᠷᠠᠭᠤᠯᠤᠨ ᠵᠢᠯᠣᠭᠤᠳᠴᠤ᠂ ᠬᠠᠩᠰᠢ ᠶᠢᠨ ᠡᠳᠦᠷ ᠠᠴᠠ ᠡᠮᠦᠨᠡᠬᠢ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠸᠠᠩ ᠰᠢᠶᠤᠤ ᠯᠦᠩ᠂ ︽ᠭᠤᠷᠪᠠ ᠶᠢ ᠢᠯᠭᠠᠷᠠᠭᠤᠯᠤᠨ ᠭᠤᠷᠪᠡ ᠶᠢ ᠬᠡᠪᠴᠢᠶᠠᠵᠢᠬᠦᠯᠬᠦ︾ ᠠᠵᠢᠯ ᠤᠨ ᠬᠠᠷᠠᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠡᠷᠲᠡ ᠠᠴᠠ ᠠᠳᠬᠤᠨ ᠪᠠᠭ᠎ᠠ ᠳᠤᠨᠢ ᠠᠳᠬᠤᠬᠤ︾ ᠳᠡᠭᠡᠷ᠎ᠡ ᠣᠶᠤᠨ ᠲᠠᠷᠢᠬᠢ ᠪᠠᠨ ᠬᠥᠳᠡᠯᠭᠡᠵᠦ᠂ ᠭᠦᠢᠴᠡᠳ ᠬᠦᠴᠦ ᠣᠷᠣᠭᠤᠯᠵᠤ᠂ ︽ᠭᠤᠷᠪᠠ ᠶᠢ ᠪᠣᠳᠠᠲᠠᠶᠢᠵᠢᠭᠤᠯᠬᠤ︾ ᠶᠢ ᠨᠠᠶᠢᠳᠠᠪᠤᠷᠢᠵᠢᠭᠤᠯᠣᠨ᠎ᠠ᠃ ᠨᠢᠭᠡ ᠳᠤ᠂ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠶ᠃ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠠᠷᠭ᠎ᠠ ᠶᠢ ᠵᠡᠷᠭᠡ ᠪᠠᠷ ᠭᠡᠷᠡᠭᠵᠢᠬᠦᠯᠣᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠣᠯᠠᠨ ᠲᠠᠯ᠎ᠠ ᠠᠴᠠ ᠥᠷᠨᠢᠭᠦᠯᠵᠦ᠂ ᠵᠢᠱᠢᠶᠡᠯᠡᠪᠡᠯ ᠲᠣᠭᠲᠠᠭᠠᠯ ᠠᠴᠠ ᠵᠥᠷᠢᠴᠡᠭᠰᠡᠨ ᠵᠢᠵᠢᠭ ᠸᠢᠳᠢᠣ᠋ ᠦᠢᠯᠡᠳᠬᠦ᠂ ᠡᠷᠦᠬᠡ ᠪᠠᠷ ᠣᠷᠣᠵᠤ ᠤᠬᠠᠭᠤᠯᠬᠤ ᠬᠠᠭᠤᠳᠠᠰᠤ ᠲᠠᠷᠬᠠᠭᠠᠬᠤ ᠵᠡᠷᠭᠡ ᠪᠠᠷ ᠳᠠᠮᠵᠢᠭᠤᠯᠤᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠭᠡᠶᠢᠯᠡᠬᠦ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠰᠠᠭᠤᠭᠠᠯᠢ ᠠᠷᠠᠳ ᠲᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠭᠡᠶᠢᠯᠡᠬᠦ ᠴᠢᠬᠤᠯᠠ ᠠᠴᠢ ᠬᠤᠯᠪᠣᠭᠳᠠᠯ ᠪᠠ ᠬᠤᠤᠷ ᠬᠥᠨᠥᠭᠡᠯ ᠢ ᠣᠶᠢᠯᠠᠭᠠᠭᠤᠯᠤᠨ᠎ᠠ᠃ ᠬᠤᠶᠠᠷ ᠲᠤ᠂ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ ᠭᠡᠷᠡᠭᠳᠡᠢ᠃ ᠬᠥᠮᠦᠨ ᠤ ᠬᠦᠴᠦᠨ ᠢ ᠨᠢᠭᠡᠳᠦᠯᠲᠡᠶ ᠲᠥᠯᠥᠪᠯᠡᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠲᠥᠷᠥᠯ ᠢᠯᠭᠠᠯ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠰᠢᠨ᠎ᠡ ᠪᠠᠷ ᠡᠭᠦᠰᠦᠭᠰᠡᠨ ᠬᠠᠤᠯᠢ ᠠᠴᠠ ᠵᠥᠷᠢᠴᠡᠭᠰᠡᠨ ᠦᠵᠡᠭᠳᠡᠯ ᠢ ᠬᠠᠮᠤᠭ ᠤᠨ ᠲᠡᠷᠢᠭᠦᠨ ᠳᠤ ᠢᠯᠡᠷᠡᠭᠦᠯᠵᠦ᠂ ᠬᠠᠮᠤᠭ ᠤᠨ ᠲᠡᠷᠢᠭᠦᠨ ᠳᠤ ᠲᠡᠮᠳᠡᠭᠯᠡᠬᠦ ᠶᠢ ᠦᠨᠡᠨ ᠬᠦ ᠪᠠᠲᠤᠯᠠᠵᠤ᠂ ᠡᠷᠲᠡ ᠢᠯᠡᠷᠡᠭᠦᠯᠬᠦ᠂ ᠡᠷᠲᠡ ᠬᠤᠷᠢᠭᠯᠠᠵᠤ᠂ ᠵᠢᠯᠣᠭᠤᠴᠢ ᠥᠬᠡᠶ ᠨᠢᠰᠬᠡᠯ ᠤᠨ ᠠᠭᠠᠷ ᠤᠨ ᠠᠶᠠᠯᠠᠯ ᠤᠨ ᠭᠡᠷᠡᠯ ᠵᠢᠷᠤᠭ ᠤᠨ ᠲᠣᠭᠤᠷᠢᠨ ᠪᠠᠶᠢᠴᠠᠭᠠᠬᠤ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ ᠠᠰᠢᠭᠯᠠᠨ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠪᠥᠬᠦ ᠲᠠᠯ᠎ᠠ ᠪᠠᠷ᠂ ᠥᠨᠴᠥᠭ ᠪᠤᠯᠤᠩ ᠥᠬᠡᠶ ᠬᠢᠨᠠᠨ ᠡᠵᠡᠮᠳᠡᠬᠦ ᠬᠡᠷᠡᠭᠲᠡᠶ᠃ ᠭᠤᠷᠪᠠ ᠳᠤ᠂ ᠲᠦᠷᠢᠮ ᠢ ᠪᠠᠶᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠪᠣᠳᠠᠲᠠᠶᠢᠵᠢᠭᠤᠯᠬᠤ ᠭᠡᠷᠡᠭᠳᠡᠢ᠃ ᠲᠣᠭᠤᠷᠢᠨ ᠪᠠᠶᠢᠴᠠᠭᠠᠬᠤ᠂ ᠰᠡᠷᠭᠡᠶᠢᠯᠡᠨ ᠡᠵᠡᠮᠳᠡᠬᠦ ᠪᠦᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠢ᠃ ᠦᠵᠡᠮᠵᠢ ᠶᠢᠨ ᠣᠷᠣᠨ ᠤ ᠶᠡᠷᠦᠩᠬᠡᠶᠢᠯᠡᠨ ᠵᠠᠰᠠᠬᠤ ᠲᠤᠰᠬᠠᠶ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ ᠪᠠᠶᠢᠴᠠᠭᠠᠭᠰᠠᠨ ᠲᠡᠮᠳᠡᠭᠯᠡᠯ ᠢ ᠨᠠᠷᠢᠯᠢᠭᠵᠢᠭᠤᠯᠤᠨ᠂ ᠲᠠᠩᠰᠠ ᠡᠪᠬᠡᠮᠡᠯ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ ᠶᠢᠨ ᠬᠠᠮᠲᠤ᠂ ᠵᠢᠵᠢᠭᠦᠷᠯᠡᠭᠴᠢ ᠶᠢᠨ ᠬᠤᠭᠤᠯᠠ ᠬᠤᠨᠤᠭ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠣ ᠴᠢᠬᠤᠯᠠᠴᠢᠯᠡᠪᠡ᠃    ᠬᠤᠷᠡᠯ ᠳᠤ᠂ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠣᠨᠴᠠᠭᠠᠶᠢᠯᠠᠨ ᠬᠠᠩᠰᠢ ᠶᠢᠨ ᠡᠮᠦᠨ᠎ᠡ ᠬᠤᠶᠢᠨᠠᠬᠢ ᠠᠶᠤᠯᠭᠦᠢ ᠦᠢᠯᠡᠳᠪᠦᠷᠢᠯᠡᠯ᠂ ᠭᠠᠯ ᠰᠡᠷᠭᠡᠶᠢᠯᠡᠬᠦ ᠤᠬᠠᠭᠤᠯᠭ᠎ᠠ᠂ ᠪᠣᠯᠪᠠᠰᠤᠨ ᠲᠠᠬᠢᠯᠭ᠎ᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠬᠢᠳᠠᠯ ᠰᠤᠷᠪᠤᠯᠵᠢᠯᠠᠯ  ᠢᠶᠠᠷ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠳᠡᠳ᠋ ᠪᠠᠯᠭᠠᠰᠤᠨ ᠳᠠᠷᠤᠭ᠎ᠠ ᠫᠧᠩ ᠴᠠᠩ ᠴᠢᠩ᠂ ᠵᠣᠬᠢᠶᠠᠨ ᠪᠠᠶᠢᠭᠤᠯᠬᠤ ᠭᠡᠰᠢᠭᠦᠨ ᠵᠠᠩ ᠼᠠᠢ ᠰᠢᠶᠠ᠂ ᠲᠢᠶᠠᠨ ᡂᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠸᠠᠩ ᠵᠢᠶᠦ᠋ᠨ ᠯᠢᠩ ᠪᠣᠯᠤᠨ ᠶᠡᠷᠦᠩᠬᠡᠢ ᠬᠠᠤᠯᠢ ᠬᠡᠷᠡᠭᠵᠢᠭᠦᠯᠬᠦ ᠠᠩᠬᠢ ᠶᠢᠨ ᠵᠢᠵᠢᠭᠦᠷᠯᠡᠬᠦ ᠭᠡᠰᠢᠭᠦᠳ ᠬᠤᠷᠡᠯ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号