ᠬᠠᠩᠰᠢ ᠶᠢᠨ ᠡᠳᠦᠷ ᠬᠦᠷᠴᠦ ᠢᠷᠡᠬᠦ ᠲᠠᠰᠢᠷᠡᠮ ᠢᠶᠠᠷ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠪᠠᠳᠠᠷᠠᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠭᠦᠨᠵᠡᠭᠡᠢ ᠠᠬᠢᠭᠤᠯᠣᠨ᠂ ᠪᠣᠯᠪᠠᠰᠤᠨ ᠰᠢᠨ᠎ᠠ ᠬᠡᠪ | ᠰᠤᠷᠲᠠᠯ ᠢ ᠪᠣᠢ ᠪᠣᠯᠭᠠᠵᠤ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠡᠷᠡᠭᠦᠯ ᠴᠢᠭᠢᠷᠠᠭ ᠪᠣᠯᠪᠠᠰᠤᠨ | ᠲᠠᠬᠢᠯᠭ᠎ᠠ ᠶᠢᠨ ᠣᠷᠴᠢᠨ ᠲᠣᠭᠤᠷᠢᠨ ᠢ ᠢᠳᠡᠪᠬᠢᠲᠡᠢ ᠪᠣᠢ ᠪᠣᠯᠭᠠᠬᠤ ᠶᠢᠨ ᠲᠥᠯᠥᠭᠡ᠂ 3 ᠰᠠᠷ᠎ᠠ ᠶᠢᠨ 31 ᠤ ᠡᠳᠦᠷ᠂ | ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠡᠮᠡᠭᠲᠡᠢᠴᠦᠳ ᠤᠨ ᠬᠤᠯᠪᠣᠭ᠎ᠠ | ︽ᠪᠣᠯᠪᠠᠰᠤᠨ ᠢᠶᠠᠷ ᠲᠠᠬᠢᠯᠭ᠎ᠠ ᠬᠢᠵᠣ ᠪᠣᠬᠢᠷᠲᠤᠯ ᠦᠭᠡᠢ ᠬᠠᠩᠰᠢ ᠶᠢᠨ ᠡᠳᠦᠷ︾ ᠭᠡᠬᠦ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯᠲᠠᠳ ᠪᠣᠯᠤᠨ ︽ | ᠠᠮᠤᠷ ᠠᠮᠤᠭᠤᠯᠠᠩ ᠡᠵᠢ︾ ᠶᠢᠨ ᠪᠦᠯᠬᠦᠮ ᠰᠠᠭᠤᠭᠠᠯᠢ ᠲᠣᠭᠤᠷᠢᠭ ᠢᠶᠠᠷ ᠭᠦᠨᠵᠡᠭᠡᠶᠢᠷᠡᠨ᠂ ᠰᠠᠭᠤᠭᠠᠯᠢ ᠠᠷᠠᠳ ᠲᠤ | ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠠᠭᠤᠭᠠᠯᠢ ᠠᠷᠠᠳ ᠢ ᠬᠠᠩᠰᠢ ᠶᠢᠨ | ᠲᠠᠬᠢᠯᠭ᠎ᠠ ᠶᠢᠨ ᠬᠤᠭᠤᠴᠠᠭᠠᠨ ᠳᠤ ᠢᠯᠡ ᠭᠠᠯ ᠢ ᠠᠪᠴᠤ ᠠᠭᠤᠯᠠᠨ ᠳᠤ ᠭᠠᠷᠬᠤ ᠥᠬᠡᠶ᠂ ᠬᠤᠸᠠᠷ ᠫᠤᠤᠵᠢᠩ | ᠲᠠᠯᠪᠢᠬᠤ ᠥᠬᠡᠶ᠂ ᠴᠠᠭᠠᠰᠤᠨ ᠵᠣᠭᠤᠰ ᠰᠢᠲᠠᠭᠠᠬᠤ ᠥᠬᠡᠶ ᠪᠠᠶᠢᠬᠤ ᠶᠢ ᠢᠳᠬᠠᠨ ᠰᠠᠨᠠᠭᠤᠯᠪᠡ᠃ ᠰᠠᠭᠤᠭᠠᠯᠢ | ᠠᠷᠠᠳ ᠤᠨ ᠰᠣᠷᠭᠤᠭ ᠴᠡᠴᠡᠭ ᠤᠨ ᠲᠠᠬᠢᠯᠭ᠎ᠠ᠂ ᠮᠣᠳᠣ ᠲᠠᠷᠢᠬᠤ ᠲᠠᠬᠢᠯᠭ᠎ᠠ ᠵᠡᠷᠭᠡ ᠡᠷᠡᠭᠦᠯ ᠴᠢᠭᠢᠷᠠᠭ᠂ ᠪᠣᠯᠪᠠᠰᠤᠨ | ᠠᠷᠭ᠎ᠠ ᠮᠠᠶ᠋ᠢᠭ ᠢᠶᠠᠷ ᠲᠦᠷᠦᠯ ᠰᠠᠳᠤᠨ ᠢᠶᠠᠨ ᠳᠤᠷᠠᠰᠬᠠᠬᠤ ᠶᠢ ᠰᠠᠨᠠᠭᠠᠴᠢᠯᠠᠵᠤ᠂ ᠪᠠᠰᠠ ᠰᠦᠯᠵᠢᠶᠡᠨ ᠳᠡᠭᠡᠷ᠎ᠡ | ᠦᠷᠡᠭᠳᠡᠭᠰᠡᠨ ᠪᠠᠭᠠᠲᠤᠷᠴᠤᠳ ᠲᠤ ᠴᠡᠴᠡᠭ ᠬᠦᠷᠭᠡᠨ᠂ ᠬᠠᠶᠢᠷ᠎ᠠ ᠰᠡᠳᠬᠢᠯᠭᠡ ᠲᠠᠢ ᠦᠭᠡ ᠦᠯᠡᠳᠡᠭᠡᠵᠦ᠂ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠬᠦᠨᠳᠦᠳᠬᠡᠨ ᠪᠢᠰᠢᠷᠡᠵᠦ ᠪᠠᠶᠢᠬᠤ ᠡᠷᠬᠢᠮ ᠳᠡᠭᠡᠳᠦ ᠬᠦᠨᠳᠦᠳᠬᠡᠯ | ᠪᠠ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠬᠦ ᠶᠢ ᠤᠷᠢᠶᠠᠯᠠᠵᠡᠢ᠃ ᠡᠭᠦᠨ ᠤ ᠬᠠᠮᠲᠤ᠂ ᠤᠬᠠᠭᠤᠯᠭ᠎ᠠ ᠶᠢᠨ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠠᠵᠢᠯᠲᠠᠳ ᠪᠠᠰᠠ ᠪᠣᠯᠪᠠᠰᠤᠨ | ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠵᠡᠭᠡᠯᠢ ᠭᠤᠳᠤᠮᠵᠢ ᠶᠢᠨ ᠣᠯᠠᠨ ᠨᠡᠶᠢᠲᠡ ᠶᠢᠨ ᠲᠠᠪᠴᠠᠩ᠂ ᠰᠠᠭᠤᠭᠠᠯᠢ | ᠠᠷᠠᠳ ᠤᠨ ᠸᠢᠴᠠᠲ ᠤᠨ ᠴᠤᠭᠯᠠᠷᠠᠯ ᠳᠤ ᠢᠳᠡᠪᠬᠢᠲᠡᠶ ᠳᠠᠮᠵᠢᠭᠤᠯᠤᠨ ᠲᠠᠷᠬᠠᠭᠠᠵᠤ᠂ ᠰᠠᠨᠠᠭᠠᠴᠢᠯᠠᠭ᠎ᠠ ᠶᠢᠨ | ᠠᠭᠤᠯᠭ᠎ᠠ ᠶᠢ ᠬᠠᠷᠢᠶ᠎ᠠ ᠣᠷᠣᠨ ᠤ ᠪᠣᠶ ᠪᠥᠬᠦᠶ ᠰᠠᠭᠤᠭᠠᠯᠢ ᠠᠷᠠᠳ ᠢ ᠨᠠᠷᠢᠯᠢᠭ ᠣᠨᠣᠴᠠᠲᠠᠶ ᠪᠠᠷ ᠬᠠᠮᠤᠷᠬᠤ ᠶᠢ ᠦᠨᠡᠨ | ᠬᠦ ᠪᠠᠲᠤᠯᠠᠵᠤ᠂ ᠬᠥᠮᠦᠨ ᠨᠢᠭᠡᠪᠦᠷᠢ ᠳᠤ ᠪᠣᠯᠪᠠᠰᠤᠨ ᠲᠠᠬᠢᠯᠭ᠎ᠠ ᠶᠢᠨ ᠠᠵᠢᠯᠯᠠᠭ᠎ᠠ ᠶᠢ ᠣᠶᠢᠯᠠᠭᠠᠭᠤᠯᠬᠤ ᠶᠢᠨ ᠬᠠᠮᠲᠤ | ᠣᠷᠣᠯᠴᠠᠭᠤᠯᠵᠤ᠂ ᠪᠥᠬᠦ ᠬᠠᠷᠢᠶ᠎ᠠ ᠣᠷᠣᠨ ᠳᠤ ᠬᠡᠪ ᠵᠠᠩᠰᠢᠯ ᠢ ᠥᠭᠡᠷᠡᠴᠢᠯᠡᠬᠦ ᠰᠠᠶᠢᠨ ᠰᠠᠶᠢᠬᠠᠨ ᠬᠡᠪ ᠰᠤᠷᠲᠠᠯ ᠢ ᠪᠣᠶ | ᠪᠣᠯᠭᠠᠪᠠ᠃ | ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠠᠮᠤᠷ ᠲᠦᠪᠰᠢᠨ ᠤ ᠲᠠᠬᠢᠯᠭ᠎ᠠ᠂ ᠪᠣᠯᠪᠠᠰᠤᠨ | ᠲᠠᠬᠢᠯᠭ᠎ᠠ ᠶᠢᠨ ᠤᠬᠠᠮᠰᠠᠷ ᠢ ᠨᠢ ᠲᠡᠭᠡᠭᠰᠢᠯᠠᠬᠦᠯᠥᠭᠰᠠᠨ ᠢᠶᠠᠷ ᠪᠠᠷᠠᠬᠤ ᠥᠬᠡᠶ ᠪᠠᠰᠠ ᠠᠮᠤᠷ ᠲᠦᠪᠰᠢᠨ᠂ ᠪᠣᠯᠪᠠᠰᠤᠨ | ᠰᠠᠶᠢᠬᠠᠨ᠂ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ | ᠨᠦᠮᠦᠷᠭᠡᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠤᠬᠠᠭᠤᠯᠭ᠎ᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠵᠠᠩ ᠳᠠᠳᠬᠠᠯ ᠢ ᠥᠭᠡᠷᠡᠴᠢᠯᠡᠬᠦ ᠰᠠᠨᠠᠭᠠᠴᠢᠯᠠᠭᠴᠢ᠂ ᠤᠯᠠᠮᠵᠢᠯᠠᠭᠴᠢ᠂ | ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠦᠵᠡᠯᠲᠡ ᠶᠢ | ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ |