ᠡᠷᠬᠢᠮᠲᠤ ᠪᠦᠯᠬᠦᠮ ᠳᠠᠭᠠᠭᠤᠯᠤᠨ ᠱᠠᠩᠬᠠᠶ ᠬᠤᠲᠠᠠ ᠳᠤ ᠬᠦᠷᠴᠦ ᠠᠷᠡᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2025/4/1
    3 ᠰᠠᠷ᠎ᠠ ᠶᠢᠨ 27 ᠠᠴᠠ 28 ᠤ ᠡᠳᠦᠷ ᠪᠣᠯᠳᠡᠯ᠎ᠠ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠤ ᠪᠦᠯᠬᠦᠮ ᠳᠠᠭᠠᠭᠤᠯᠤᠨ ᠱᠠᠩᠬᠠᠶ ᠬᠤᠲᠠᠠ ᠳᠤ ᠬᠦᠷᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠳᠤ ᠣᠷᠣᠯᠴᠠᠨ᠂ ᠵᠢᠭᠤᠯᠴᠢᠯᠠᠯ ᠤᠨ ᠡᠬᠢ ᠪᠠᠶᠠᠯᠢᠭ ᠤᠨ ᠲᠠᠨᠢᠯᠴᠠᠭᠤᠯᠭ᠎ᠠ᠂ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠵᠢᠴᠢ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠪᠠᠶᠢᠭᠤᠯᠭ᠎ᠠ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠲᠣᠰ ᠠᠵᠢᠯᠯᠠᠭ᠎ᠠ ᠳᠤ ᠣᠷᠣᠯᠴᠠᠵᠠᠶ᠃    ᠬᠤᠷᠠᠯ ᠳᠡᠭᠡᠷ᠎ᠡ᠂ ᠷᠡᠰᠢᠶᠠᠨ ᠬᠤᠲᠠ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠤᠶᠤᠨᠴᠢ ᠬᠤᠲᠠ ᠲᠣᠭᠤᠷᠢᠭ ᠤᠨ ᠬᠠᠮᠲᠤᠷᠠᠯᠴᠠᠨ ᠬᠥᠭᠵᠢᠬᠦ ᠣᠶᠢᠯᠡᠴᠢᠯᠡᠭᠡᠨ ᠤ ᠬᠤᠯᠪᠣᠭ᠎ᠠ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠤᠶᠤᠨᠴᠢ ᠬᠤᠲᠠ ᠲᠣᠭᠤᠷᠢᠭ ᠤᠨ ᠣᠶᠢᠷ᠎ᠡ ᠣᠬᠳᠡᠷᠭᠤᠢ ᠶᠢᠨ ᠠᠵᠤ ᠠᠬᠤᠶ ᠶᠢᠨ ᠬᠤᠯᠪᠣᠭ᠎ᠠ᠂ ᠱᠠᠩᠬᠠᠶ ᠶᠢᠨ ᠶᠢᠨ ᠱᠢ ᠣᠶᠣᠨᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠨᠠᠨᠵᠢᠩ ᠤᠨ ᠲᠦ᠋ ᠨᠢᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠠᠩᠬᠠᠶ ᠶᠢᠨ ᡁᠢ ᠢᠦᠶ ᠮᠡᠳᠡᠭᠡ ᠵᠠᠩᠭᠢ ᠶᠢᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯ ᠲᠠᠢ ᠬᠠᠮᠲᠤᠷᠠᠯᠴᠠᠭᠠᠨ ᠤ ᠰᠠᠨᠠᠮᠵᠢ ᠲᠤᠬᠢᠷᠠᠯᠴᠠᠭᠤᠯᠣᠭᠰᠠᠨ ᠪᠥᠭᠡᠳ ᠬᠠᠮᠲᠤᠷᠠᠯᠴᠠᠭᠠᠨ ᠤ ᠴᠢᠨᠠᠷᠲᠠᠶ ᠪᠦᠳᠦᠭᠦᠪᠴᠢ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃    ᠡᠨᠡ ᠬᠤᠭᠤᠴᠠᠭᠠᠨ ᠳᠤ᠂ ᠡᠷᠬᠢᠮᠳᠣ ᠨᠠᠷ ᠪᠠᠰᠠ ᠰᠢᠶᠧ ᠴᠧᠩ ᠪᠦᠯᠦᠭᠯᠡᠯ᠂ ᠸᠧ ᠯᠠᠨ ᠲᠧ ᠠᠭᠠᠷ ᠤᠨ ᠠᠶᠠᠯᠠᠯ ᠤᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠠᠩᠬᠠᠢ ᠶᠢᠨ ᠰᠢᠩ ᠮᠧᠩ ᠬᠤᠢ ᠶᠢᠦ ᠪᠣᠳᠡᠳᠣ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ ᠳᠠᠪᠠᠭᠤᠯᠢᠭ ᠠᠵᠤ ᠠᠬᠤᠶᠢᠯᠠᠯ ᠢᠶᠠᠷ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂  ᠣᠶᠢᠷ᠎ᠡ ᠣᠬᠳᠡᠷᠭᠤᠢ ᠶᠢᠨ ᠵᠠᠭᠪᠤᠷ ᠤᠨ ᠰᠢᠨ᠎ᠡ ᠡᠭᠦᠳᠣᠯᠳᠡ᠂ ︽ᠷᠠᠰᠢᠶᠠᠨ ᠤ ᠰᠠᠶᠢᠨ ᠪᠠᠷᠠᠭ᠎ᠠ︾  ᠶᠢ ᠱᠠᠩᠬᠠᠢ ᠳᠤ ᠣᠷᠣᠭᠤᠯᠬᠤ᠂ ᠰᠤᠯᠠ ᠪᠠᠶᠢᠬᠤ ᠡᠳ᠋ ᠬᠦᠷᠦᠩᠭᠡ ᠶᠢ ᠠᠮᠢᠳᠤᠯᠢᠭ ᠢᠶᠠᠷ ᠠᠰᠢᠬᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠲᠤᠷᠠᠯᠴᠠᠭᠠᠨ ᠤ ᠠᠯᠤᠰ ᠤᠨ ᠲᠥᠯᠥᠪ ᠢ ᠬᠠᠮᠲᠤᠪᠠᠷ ᠶᠠᠷᠢᠯᠴᠠᠪᠠ᠃ ᠡᠷᠬᠢᠮᠳᠣ᠂ ᠷᠠᠰᠢᠶᠠᠨ ᠶᠠᠭ ︽ᠤᠯᠤᠰ ᠤᠨ ᠳᠣᠲᠣᠭᠠᠳᠤ ᠳᠤ  ᠨᠠᠷ᠎ᠡ ᠠᠯᠳᠠᠷ ᠲᠠᠢ᠂ ᠳᠡᠯᠡᠬᠡᠢ ᠳᠤ ᠲᠡᠷᠢᠭᠦᠨ ᠲᠠᠰ ᠤᠨ︾ ᠵᠢᠭᠤᠯᠴᠢᠯᠠᠯ ᠤᠨ ᠬᠤᠳᠠ ᠶᠢᠨ ᠬᠠᠷᠠᠯᠲᠠ ᠲᠡᠰᠢ ᠡᠷᠡᠮᠡᠭᠡᠶᠢᠯᠡᠨ ᠤᠷᠤᠭᠰᠢᠯᠠᠵᠤ᠂ ᠳᠠᠯᠳᠠ ᠬᠦᠴᠦᠨ ᠨᠢ ᠬᠢᠵᠠᠭᠠᠯᠠᠰᠢ ᠦᠭᠡᠢ ᠪᠠᠶᠢᠵᠤ᠂ ᠢᠷᠡᠭᠡᠳᠦᠢ ᠳᠤ ᠣᠯᠡᠨ ᠠᠷᠪᠢᠨ ᠪᠣᠯᠣᠬᠤᠶᠢᠴᠠ ᠲᠠᠢ ᠪᠠᠶᠢᠵᠣ ᠂ ᠡᠯ᠎ᠡ ᠠᠵᠤ ᠠᠬᠤᠶᠢᠯᠠᠯᠲᠠᠳ ᠢ ᠨᠡᠩ ᠤᠯᠠᠨ ᠲᠤᠬᠠᠶᠢᠯᠠᠭᠰᠠᠨ ᠠᠵᠢᠯ ᠢᠶᠠᠨ ᠷᠠᠰᠢᠶᠠᠨ ᠳᠤ ᠨᠠᠶᠢᠳᠠᠪᠤᠷᠢᠵᠢᠭᠤᠯᠵᠤ᠂ ᠨᠡᠩ ᠤᠯᠠᠨ ᠠᠵᠤ ᠦᠢᠯᠡᠰ ᠪᠣᠯᠣᠨ ᠠᠵᠤ ᠠᠬᠤᠶᠢᠯᠠᠯ ᠤᠳ ᠷᠠᠰᠢᠶᠠᠨ ᠳᠤ ᠬᠤᠷᠡᠨ ᠴᠤᠭᠯᠠᠷᠠᠬᠤ ᠶᠢ ᠬᠦᠰᠡᠵᠦ ᠪᠠᠶᠢᠨ᠎ᠠ᠂ ᠪᠢᠳᠡ ᠪᠣᠳᠠᠲᠠᠢ ᠶᠢ ᠡᠷᠬᠢᠮᠯᠡᠵᠤ ᠥᠨᠳᠥᠷ ᠪᠦᠲᠦᠮᠵᠢᠲᠡᠢ ᠠᠵᠢᠯ ᠤᠨ ᠰᠤᠷᠲᠠᠯ ᠢᠶᠠᠷ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠠᠯ ᠢ ᠦᠷᠭᠦᠯᠵᠢᠯᠡᠨ ᠪᠤᠢ ᠪᠣᠯᠭᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠣᠷᠣᠭᠤᠯᠣᠨ᠂ ᠰᠠᠨᠠᠭ᠎ᠠ ᠠᠮᠤᠷ ᠡᠵᠡᠩᠨᠡᠯᠳᠡ ᠬᠢᠬᠦ ᠶᠢ ᠦᠨᠠᠨ ᠬᠦ ᠬᠦᠰᠠᠵᠣ ᠪᠠᠶᠢᠨ᠎ᠠ ᠭᠡᠵᠡᠢ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号