4 ᠰᠠᠷ᠎ᠠ ᠶᠢᠨ 13 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠡ᠃ ᠬᠤᠷᠡᠯ ᠲᠡᠭᠡᠷ᠎ᠡ᠂ ᠳ᠋ᠦᠩ ᠭᠸᠤ | ᠯᠢ ᠲᠡᠦᠬᠡ ᠰᠣᠶᠣᠯ ᠤᠨ ᠵᠡᠭᠡᠯᠢ ᠲᠣᠭᠤᠷᠢᠭ ᠢ ᠪᠠᠶᠢᠭᠤᠯᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ | ᠪᠠᠶᠢᠷᠢᠯᠠᠭᠤᠯᠪᠠ᠃ ᠬᠤᠳᠠ ᠶᠢᠨ ᠤᠳᠤᠷᠢᠳᠤᠯᠭ᠎ᠠ ᠵᠢᠶᠤᠤ ᠳ᠋ᠠ ᠠᠨ᠂ ᠪᠠᠢ ᠹᠧᠩ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ᠂ ᠲᠥᠰᠦᠯ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠳ᠋ᠦᠩ ᠭᠸᠤ ᠯᠢ ᠲᠡᠦᠬᠡ | ᠰᠣᠶᠣᠯ ᠤᠨ ᠵᠡᠭᠡᠯᠢ ᠲᠣᠭᠤᠷᠢᠭ ᠪᠣᠯᠤᠨ ᠵᠢᠶᠠᠨ ᠺᠠᠩ ᠭᠦ᠋ ᠴᠠᠰᠤᠨ ᠳᠤ ᠭᠤᠯᠭᠤᠬᠤ ᠲᠠᠯᠠᠪᠠᠢ ᠶᠢᠨ ᠲᠦᠷᠦᠯ | ᠵᠦᠢᠯ ᠤᠨ ᠳᠣᠲᠣᠭᠠᠳᠤ ᠬᠤᠯᠪᠣᠭ᠎ᠠ ᠶᠢ ᠭᠦᠨᠵᠡᠭᠡᠢ ᠰᠤᠳᠤᠯᠵᠤ᠂ ᠣᠷᠭᠠᠨᠢᠭ ᠢᠶᠠᠷ ᠬᠤᠯᠪᠣᠭᠠᠯᠠᠨ ᠬᠥᠳᠡᠯᠦᠯᠴᠡᠬᠦ ᠪᠠ | ᠠᠪᠴᠠᠯᠳᠤᠭᠤᠯᠬᠤ ᠶᠢ ᠪᠡᠶᠡᠯᠡᠭᠦᠯᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠬᠢᠯᠠᠰ ᠴᠡᠭ᠂ | ᠬᠤᠳᠠ ᠶᠢᠨ ᠬᠡᠷᠡᠭᠯᠡᠭᠡᠨ ᠤ ᠰᠢᠨ᠎ᠡ ᠪᠠᠶᠢᠳᠠᠯ ᠢ ᠬᠠᠮᠲᠤᠪᠠᠷ ᠪᠠᠶᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ | ᠪᠥᠭᠡᠳ ᠪᠣᠳᠠᠲᠠᠶᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠲᠡᠦᠬᠡ ᠰᠣᠶᠣᠯ ᠢ | ᠬᠠᠮᠠᠭᠠᠯᠠᠨ ᠤᠯᠠᠮᠵᠢᠯᠠᠬᠤ ᠶᠢ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠪᠠᠶᠠᠴᠢᠯᠡᠨ | ᠣᠶᠢᠯᠠᠭᠠᠬᠤ ᠵᠢᠭᠤᠯᠴᠢᠯᠠᠯ ᠤᠨ ᠵᠡᠭᠡᠯᠢ ᠲᠣᠭᠤᠷᠢᠭ ᠢ ᠪᠠᠶᠢᠭᠤᠯᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠡᠷᠲᠡᠬᠡᠨ ᠬᠦᠷᠲᠡᠭᠡᠬᠦ ᠬᠡᠷᠡᠭᠲᠡᠢ᠃ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ | ᠠᠬᠤᠶᠢᠯᠠᠯ ᠤᠨ ᠰᠣᠯᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠲᠦᠷᠦᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠡᠯ᠎ᠡ ᠲᠦᠷᠦᠯ ᠤᠨ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠡᠪᠡ᠃ | | |