ᠮᠠᠨ ᠤ ᠤᠷᠤᠨ 2024 ᠣᠨ ᠳᠤ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠭᠡᠯ ᠤᠨ ᠭᠠᠵᠠᠷ︾ ᠢ | ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ᠂ ᠨᠡᠶᠢᠲᠡ 573 ᠢᠳᠡᠭᠡᠨ ᠦᠢᠯᠡᠳᠪᠦᠷᠢᠯᠡᠬᠦ | ᠠᠵᠤ ᠠᠬᠤᠶᠢᠯᠠᠯ᠂ 2849 ᠵᠢᠵᠢᠭ ᠦᠢᠯᠡᠳᠭᠡᠯ ᠤᠨ ᠭᠠᠵᠠᠷ ᠢ ᠬᠠᠪᠰᠤᠷᠤᠨ ᠲᠡᠳᠬᠦᠵᠦ᠂ 80 ᠲᠠᠯᠠᠪᠠᠶ ᠲᠤᠰᠬᠠᠶ | ᠰᠡᠳᠦᠪᠲᠦ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠭᠠᠷ ᠤᠷᠠᠯᠠᠯ ᠤᠨ ᠪᠠᠶᠢᠷᠢᠰᠢᠭᠤᠯᠤᠯᠲᠠ᠂ ᠬᠡᠷᠡᠭᠵᠢᠭᠦᠯᠬᠦ | ᠪᠠᠷᠢᠮᠵᠢᠶ᠎ᠠ᠂ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠵᠡᠷᠭᠡ ᠲᠠᠯ᠎ᠠ ᠶᠢᠨ 3196 ᠠᠰᠠᠭᠤᠳᠠᠯ ᠢ ᠰᠢᠢᠳᠪᠦᠷᠢᠯᠡᠪᠡ᠃ | ᠡᠨᠡ ᠵᠢᠯ ᠮᠠᠨ ᠤ ᠤᠷᠤᠨ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠭᠡᠯ ᠤᠨ ᠭᠠᠵᠠᠷ︾ ᠢ ᠬᠠᠪᠰᠤᠷᠤᠨ | ᠲᠡᠳᠬᠦᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ | ᠪᠣᠯᠤᠨ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠤᠨ ᠬᠦᠭᠵᠢᠯᠲᠡ ᠶᠢ ᠠᠬᠢᠭᠤᠯᠤᠬᠰᠠᠨ ᠪᠠᠶᠢᠨ᠎ᠠ᠃ | ︽ᠮᠢᠩᠭᠠᠨ ᠠᠵᠤ ᠠᠬᠤᠶᠢᠯᠠᠯ ᠲᠦᠮᠡᠨ ᠦᠢᠯᠡᠳᠭᠡᠯ ᠤᠨ ᠭᠠᠵᠠᠷ︾ ᠢ ᠬᠠᠪᠰᠤᠷᠤᠨ ᠲᠡᠳᠬᠦᠬᠦ | ᠠᠵᠢᠯᠯᠠᠭ᠎ᠠ ᠨᠢ ᠴᠠᠭᠠᠨ ᠢᠳᠡᠭᠡᠨ ᠵᠢᠴᠢ ᠣᠷᠣᠨ ᠨᠤᠲᠤᠭ ᠤᠨ ᠤᠨᠴᠠᠯᠢᠬᠳᠤ ᠴᠠᠭᠠᠨ ᠢᠳᠡᠭᠡᠨ᠂ ᠬᠤᠨᠴᠢᠷ᠂ ᠴᠠᠭᠠᠨ | ᠭᠤᠶᠣᠣ ᠶᠢᠨ ᠪᠦᠲᠦᠭᠡᠭᠳᠡᠬᠦᠨ᠂ ᠮᠢᠬᠠᠨ ᠤ ᠢᠳᠡᠭᠡᠨ᠂ ᠬᠠᠷ᠎ᠠ ᠠᠷᠢᠬᠢ᠂ ᠤᠷᠭᠤᠮᠠᠯ ᠤᠨ ᠲᠤᠰᠤ᠂ ᠠᠮᠤ ᠪᠤᠳᠠᠭ᠎ᠠ | ᠡᠳ᠋ᠰᠢᠭᠦᠯᠦᠭᠰᠡᠨ ᠪᠦᠲᠦᠭᠡᠭᠳᠡᠬᠦᠨ᠂ ᠴᠠᠷᠳᠠᠭᠤᠯ ᠤᠨ ᠪᠦᠲᠦᠭᠡᠭᠳᠡᠬᠦᠨ ᠵᠡᠷᠭᠡ ᠮᠠᠨ ᠤ ᠤᠷᠤᠨ ᠤ ᠦᠪᠡᠷᠮᠢᠴᠡ | ᠤᠨᠴᠠᠯᠢᠭᠳᠤ ᠳᠠᠪᠠᠭᠤᠯᠢᠬ ᠠᠵᠤ ᠦᠢᠯᠡᠰ ᠤᠨ ᠢᠳᠡᠭᠡᠨ ᠤ ᠦᠢᠯᠡᠳᠪᠦᠷᠢᠯᠡᠯ ᠤᠨ ᠭᠤᠣᠯ ᠴᠣᠭᠴᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠪᠰᠤᠷᠤᠨ ᠲᠡᠳᠬᠦᠬᠦ ᠨᠡᠷᠡᠰ ᠢ ᠲᠣᠭᠲᠠᠭᠠᠬᠤ᠂ ᠲᠤᠰᠬᠠᠢ ᠮᠡᠷᠭᠡᠵᠢᠯᠲᠡᠨ ᠤ | ᠪᠦᠯᠬᠦᠮ ᠢ ᠵᠣᠬᠢᠶᠠᠨ ᠪᠠᠶᠢᠭᠤᠯᠬᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ | ᠳᠠᠮᠵᠢᠭᠤᠯᠤᠨ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠢᠳᠡᠭᠡᠨ ᠤ ᠵᠢᠵᠢᠭ ᠦᠢᠯᠡᠳᠭᠡᠯ ᠤᠨ | ᠭᠠᠵᠠᠷ ᠤᠨ ᠬᠦᠴᠢᠷ ᠠᠰᠠᠭᠤᠳᠠᠯ ᠢ ᠰᠢᠢᠳᠪᠦᠷᠢᠯᠡᠵᠦ ᠪᠤᠢ᠃ | ᠤᠳᠤᠬᠠᠨ ᠳᠤ᠂ ᠲᠤᠰᠬᠠᠶ ᠮᠡᠷᠭᠡᠵᠢᠯᠲᠡᠨ ᠤ ᠪᠦᠯᠬᠦᠮ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠪᠠᠷ | ᠳᠠᠮᠵᠢᠭᠤᠯᠤᠨ᠂ ᠬᠠᠪᠰᠤᠷᠤᠨ ᠲᠡᠳᠬᠦᠬᠦ ᠭᠤᠤᠯ ᠴᠣᠭᠴᠠ ᠢᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ | ᠣᠶᠢᠯᠠᠭᠠᠵᠤ᠂ ᠤᠨᠤᠴᠠᠲᠠᠢ ᠠᠷᠭ᠎ᠠ ᠪᠤᠳᠤᠯᠭ᠎ᠠ ᠲᠣᠭᠲᠠᠭᠠᠨ ᠬᠡᠷᠡᠭᠵᠢᠭᠦᠯᠵᠦ᠂ ᠠᠵᠤ ᠠᠬᠤᠶᠢᠯᠠᠯ ᠤᠨ ᠪᠠᠷᠢᠮᠵᠢᠶ᠎ᠠ ᠶᠢ | ᠬᠡᠷᠡᠭᠵᠢᠭᠦᠯᠬᠦ᠂ ᠭᠠᠷ ᠤᠷᠠᠯᠠᠯ ᠤᠨ ᠬᠠᠮᠢᠶᠠᠷᠤᠯᠲᠠ᠂ ᠮᠡᠷᠭᠡᠵᠢᠯ ᠤᠨ ᠥᠭᠡᠷᠡᠴᠢᠯᠡᠯᠲᠡ᠂ ᠰᠢᠯᠭᠠᠨ ᠪᠠᠶᠢᠴᠠᠭᠠᠵᠤ ᠬᠢᠨᠠᠨ | ᠬᠡᠮᠵᠢᠬᠦ ᠪᠠ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠬᠠᠪᠰᠤᠷᠤᠨ | ᠰᠢᠢᠳᠪᠦᠷᠢᠯᠡᠵᠦ᠂ ᠢᠳᠡᠭᠡᠨ ᠦᠢᠯᠡᠳᠪᠦᠷᠢᠯᠡᠭᠴᠢᠳ ᠤᠨ ᠮᠡᠷᠭᠡᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠶᠢ ᠠᠬᠢᠭᠤᠯᠪᠠ᠃ ᠢᠳᠡᠭᠡᠨ ᠤ ᠠᠵᠤ ᠦᠢᠯᠡᠰ ᠤᠨ ᠣᠨᠴᠠᠯᠢᠭ ᠢ ᠵᠠᠳᠠᠯᠤᠨ ᠰᠤᠳᠤᠯᠤᠨ | ᠮᠠᠭᠠᠳᠯᠠᠬᠤ ᠪᠠᠷ ᠳᠠᠮᠵᠢᠭᠤᠯᠤᠨ᠂ ᠤᠨᠴᠠᠯᠢᠬᠳᠤ ᠢᠳᠡᠭᠡᠨ ᠦᠢᠯᠡᠳᠪᠦᠷᠢᠯᠡᠭᠴᠢᠳ ᠢ ᠵᠢᠯᠣᠭᠤᠳᠬᠤ ᠪᠠ ᠬᠠᠪᠰᠤᠷᠤᠨ | ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠲᠥᠪᠯᠡᠷᠡᠭᠰᠡᠨ ᠬᠡᠮᠵᠢᠶ᠎ᠡ ᠪᠠᠷ ᠥᠨᠳᠥᠷ᠂ | ᠳᠠᠶᠢᠴᠢᠯᠠᠬᠤ ᠴᠢᠨᠠᠷ ᠢᠶᠠᠷ ᠴᠢᠩᠭ᠎ᠠ ᠢᠳᠡᠭᠡᠨ ᠦᠢᠯᠡᠳᠪᠦᠷᠢᠯᠡᠭᠴᠢᠳ ᠲᠤ ᠴᠢᠭᠯᠡᠭᠦᠯᠦᠨ᠂ ᠶᠠᠷᠢᠯᠴᠠᠨ ᠵᠢᠯᠣᠭᠤᠳᠬᠤ᠂ | ᠲᠤᠬᠠᠶ ᠶᠢᠨ ᠭᠠᠵᠠᠷ ᠲᠤᠨᠢ ᠠᠰᠠᠭᠤᠵᠤ ᠣᠨᠣᠰᠢᠯᠠᠬᠤ᠂ ᠲᠥᠪᠯᠡᠷᠡᠭᠦᠯᠦᠨ ᠪᠣᠯᠪᠠᠰᠤᠷᠠᠭᠤᠯᠬᠤ ᠵᠡᠷᠭᠡ ᠠᠷᠭ᠎ᠠ | ᠬᠡᠯᠪᠡᠷᠢ ᠶᠢ ᠠᠪᠴᠤ᠂ ᠪᠦᠬᠦᠯᠢ ᠴᠣᠭᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠪᠡ | ᠃ ᠵᠢᠵᠢᠭ ᠦᠢᠯᠡᠳᠭᠡᠯ ᠤᠨ ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠦᠭᠦᠬᠡᠶ ᠮᠠᠲ᠋ᠧᠷᠢᠶᠠᠯ ᠢ | ᠰᠢᠯᠭᠠᠨ ᠠᠪᠬᠤ᠂ ᠭᠡᠷᠡᠴᠢ ᠦᠨᠡᠮᠯᠡᠯ ᠪᠠᠷᠢᠮᠲᠠ ᠠᠪᠬᠤ᠂ ᠦᠢᠯᠡᠳᠪᠦᠷᠢᠯᠡᠯ ᠤᠨ ᠲᠡᠮᠳᠡᠭᠯᠡᠯ ᠬᠢᠬᠦ᠂ ᠮᠥᠷᠳᠡᠨ | ᠬᠠᠮᠢᠶᠠᠷᠬᠤ ᠵᠡᠷᠭᠡ ᠭᠤᠤᠯᠳᠠᠯᠭ᠎ᠠ ᠲᠠᠢ ᠭᠤᠭᠴᠤᠭ᠎ᠠ ᠳᠤ ᠲᠤᠬᠠᠶ ᠶᠢᠨ ᠲᠠᠯᠠᠪᠠᠶ ᠳᠤ ᠬᠠᠪᠰᠤᠷᠤᠨ ᠲᠡᠳᠬᠦᠬᠦ ᠶᠢ | ᠥᠷᠨᠢᠭᠦᠯᠵᠦ᠂ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠤᠨ ᠬᠠᠤᠯᠢ ᠲᠣᠭᠲᠠᠭᠠᠯ ᠶᠣᠰᠣᠭᠠᠷ | ᠦᠢᠯᠡᠳᠪᠦᠷᠢᠯᠡᠬᠦ ᠶᠢ ᠠᠬᠢᠭᠤᠯᠵᠤ᠂ ᠵᠢᠵᠢᠭ ᠦᠢᠯᠡᠳᠭᠡᠯ ᠤᠨ ᠭᠠᠵᠠᠷ ᠤᠨ ᠪᠠᠷᠢᠮᠵᠢᠶᠠᠵᠢᠭᠤᠯᠤᠭᠰᠠᠨ ᠪᠥᠲᠥᠭᠡᠨ | ᠪᠠᠶᠢᠭᠤᠯᠤᠯᠲᠠ ᠶᠢ ᠵᠢᠯᠣᠭᠤᠳᠪᠠ᠃ 300 ᠭᠠᠷᠤᠶ ᠲᠦᠮᠡᠨ ᠲᠥᠭᠦᠷᠢᠭ ᠤᠨ ᠲᠤᠰᠬᠠᠶ ᠵᠦᠢᠯ ᠤᠨ ᠵᠠᠷᠤᠳᠠᠯ | ᠣᠷᠣᠭᠤᠯᠵᠤ᠂ ᠪᠥᠬᠦ ᠣᠷᠣᠨ ᠤ 77 ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠡᠳ᠋ᠰᠢᠬᠦᠯᠤᠨ | ᠪᠤᠯᠪᠠᠰᠤᠷᠠᠭᠤᠯᠬᠤ ᠠᠵᠤ ᠠᠬᠤᠶᠢᠯᠠᠯ᠂ 130 ᠦᠢᠯᠡᠳᠪᠦᠷᠢᠯᠡᠨ ᠡᠳ᠋ᠰᠢᠭᠦᠯᠬᠦ ᠵᠢᠵᠢᠭ ᠦᠢᠯᠡᠳᠭᠡᠯ ᠤᠨ ᠭᠠᠵᠠᠷ ᠲᠤ | ︽ᠪᠡᠶ᠎ᠡ ᠢᠢᠨ ᠪᠠᠶᠢᠴᠠᠭᠠᠯᠲᠠ ᠮᠠᠶ᠋ᠢᠭ ᠤᠨ ᠬᠢᠨᠠᠯᠲᠠ ᠬᠠᠮᠢᠶᠠᠷᠤᠯᠲᠠ + ᠬᠠᠨᠳᠤᠯᠭᠠᠲᠤ ᠴᠢᠨᠠᠷᠲᠠᠶ ᠰᠤᠭᠤᠴᠢᠨ | ᠪᠠᠶᠢᠴᠠᠭᠠᠯᠲᠠ + ᠣᠨᠢᠨ ᠳᠡᠭᠡᠷ᠎ᠡ ᠨᠢ ᠬᠠᠪᠰᠤᠷᠤᠨ ᠲᠡᠳᠬᠦᠬᠦ︾ ᠠᠵᠢᠯ ᠢ ᠥᠷᠨᠢᠭᠦᠯᠵᠦ᠂ ᠮᠠᠨ ᠤ ᠤᠷᠤᠨ ᠤ | ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠪᠡ᠃ ︵ᠡᠬᠡ | ᠪᠢᠴᠢᠭ ᠢ ︽ᠦᠪᠤᠷ ᠮᠤᠩᠭᠤᠯ ᠤᠨ ᠡᠳᠤᠷ ᠤᠨ ᠰᠤᠨᠢᠨ︾ ᠠᠴᠠ ᠰᠢᠯᠵᠢᠬᠦᠯᠪᠡ︶ |