| ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠶᠢᠨ | ᠲᠥᠯᠥᠭᠡ᠂ 4 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ ᠶᠢᠨ ᠱᠦᠵᠢ | ᠶᠠᠩ ᠶᠦᠩ ᠵᠢᠦ ᠥᠪᠥᠷ ᠮᠣᠩᠭᠤᠯ ᠤᠨ ᠶᠦᠨ ᠯᠦ ᠤᠰᠤᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠥᠷᠭᠡᠳᠬᠡᠯ | ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ | ᠪᠠ ᠠᠰᠠᠭᠤᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠬᠠᠪᠰᠤᠷᠤᠨ ᠰᠢᠢᠳᠪᠦᠷᠢᠯᠡᠪᠡ᠃ | ᠶᠠᠩ ᠶᠦᠩ ᠵᠢᠦ᠂ ᠶᠦᠨ ᠯᠦ ᠤᠰᠤᠨ ᠤ ᠦᠢᠯᠡᠰ ᠤᠨ ᠺᠣᠮᠫᠠᠨᠢ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ | ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠬᠥᠭᠵᠢᠯᠲᠡ ᠶᠢᠨ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠤᠨ ᠬᠡᠷᠡᠭᠴᠡᠭᠡ ᠳᠤ | ᠬᠠᠨᠳᠤᠭᠤᠯᠤᠨ᠂ ᠳᠣᠲᠣᠭᠠᠳᠤ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠷᠠᠰᠢᠶᠠᠨ ᠤᠰᠤᠨ ᠤ ᠦᠢᠯᠡᠳᠪᠦᠷᠢᠯᠡᠯ᠂ | ᠬᠠᠳᠠᠭᠠᠯᠠᠯᠲᠠ᠂ ᠪᠣᠷᠣᠯᠠᠭᠤᠯᠭ᠎ᠠ ᠶᠢᠨ ᠡᠯ᠎ᠡ ᠭᠤᠭᠴᠤᠭ᠎ᠠ ᠶᠢ ᠵᠦᠶ ᠵᠣᠬᠢᠰᠲᠠᠶ ᠪᠠᠶᠢᠷᠢᠰᠢᠭᠤᠯᠵᠤ᠂ ᠪᠣᠳᠠᠲᠠᠶ ᠶᠢ | ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠵᠤ ᠦᠢᠯᠡᠰ ᠤᠨ ᠬᠡᠪᠴᠢᠶ᠎ᠡ ᠪᠠᠨ ᠪᠤᠵᠠᠭᠠᠶᠢᠷᠠᠭᠤᠯᠤᠨ᠂ ᠠᠵᠤ ᠦᠢᠯᠡᠰ ᠤᠨ | ᠬᠡᠯᠬᠢᠶ᠎ᠡ ᠪᠠᠨ ᠤᠷᠲᠤᠳᠬᠠᠵᠤ᠂ ᠵᠠᠬ᠎ᠠ ᠳᠡᠯᠭᠡᠭᠦᠷ ᠢᠶᠠᠨ ᠦᠷᠭᠦᠯᠵᠢᠯᠡᠨ ᠥᠷᠭᠡᠳᠬᠡᠵᠦ᠂ ᠪᠥᠬᠦ ᠬᠤᠲᠠ ᠶᠢᠨ | ᠤᠰᠤᠨ ᠤ ᠠᠵᠤ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠬᠦ ᠬᠡᠷᠡᠭᠲᠡᠶ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠲᠣᠭᠲᠠᠴᠠ ᠶᠢ ᠪᠠᠶᠢᠩᠭᠤᠵᠢᠭᠤᠯᠤᠨ᠂ | ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠵᠤ᠂ ᠠᠵᠤ ᠠᠬᠤᠶᠢᠯᠠᠯ ᠤᠨ ᠪᠣᠳᠠᠲᠠᠢ | ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ᠂ ᠬᠦᠴᠦᠨ ᠵᠦᠢᠯ ᠤᠨ | ᠪᠠᠲᠤᠯᠠᠭ᠎ᠠ ᠵᠡᠷᠭᠡ ᠲᠠᠯ᠎ᠠ ᠪᠠᠷ ᠪᠦᠬᠦ ᠲᠠᠯ᠎ᠠ ᠶᠢᠨ ᠳᠡᠮᠵᠢᠯᠭᠡ ᠦᠵᠡᠭᠦᠯᠵᠦ᠂ ︽ᠬᠠᠮᠢᠶᠠᠷᠤᠭᠴᠢ ᠮᠠᠶ᠋ᠢᠭ︾ ᠤᠨ | ᠦᠢᠯᠡᠴᠢᠯᠡᠭᠡ ᠪᠠᠷ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ ᠠᠵᠠ ᠲᠣᠬᠢᠶᠠᠯ ᠢ ᠠᠮᠵᠢᠵᠤ᠂ | ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠢ ᠭᠡᠵᠡᠢ᠃ | |