4 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨᠡᠬᠢ 9 ᠴᠠᠭ 10 ᠮᠢᠨᠦ᠋ᠲ ᠲᠤ᠂ ᠨᠡᠶᠢᠰᠯᠡᠯ ᠤᠨ ᠠᠭᠠᠷ | ᠠᠶᠠᠯᠠᠯ ᠤᠨ JD5685 ᠡᠭᠡᠯᠵᠢ ᠶᠢᠨ ᠨᠢᠰᠬᠡᠯ ᠷᠠᠰᠢᠶᠠᠨ ᠤ ᠢᠷᠪᠢᠰ ᠨᠢᠰᠬᠡᠯ ᠤᠨ ᠪᠠᠭᠤᠳᠠᠯ ᠳᠤ ᠪᠠᠭᠤᠵᠣ᠂ | ᠪᠡᠭᠡᠵᠢᠩ ᠠᠴᠠ ᠷᠠᠰᠢᠶᠠᠨ ᠬᠦᠷᠬᠦ ᠰᠢᠭᠤᠳ ᠨᠢᠰᠬᠦ ᠡᠭᠡᠯᠵᠢ ᠶᠢᠨ ᠨᠢᠰᠬᠡᠯ ᠵᠢᠩᠬᠢᠨᠢ ᠪᠠᠷ ᠰᠡᠷᠭᠦᠭᠡᠭᠰᠡᠨ ᠢ ᠬᠠᠷᠠᠭᠤᠯᠵᠤ | ᠪᠠᠶᠢᠨ᠎ᠠ᠃ ᠡᠨᠡ ᠬᠦ ᠠᠶᠠᠯᠠᠯ ᠤᠨ ᠱᠤᠭᠤᠮ ᠨᠢ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠢ ᠥᠪᠥᠷ | ᠮᠣᠩᠭᠤᠯ ᠤᠨ ᠷᠠᠰᠢᠶᠠᠨ ᠬᠤᠲᠠ ᠲᠠᠢ ᠨᠢᠭᠲᠠ ᠬᠤᠯᠪᠣᠵᠤ᠂ ᠵᠢᠭᠤᠯᠴᠢᠯᠠᠬᠰᠠᠳ ᠲᠤ ᠲᠠᠯ᠎ᠠ ᠨᠤᠲᠤᠭ ᠤᠢ ᠰᠢᠭᠤᠢ | ᠢᠶᠠᠷ ᠵᠢᠭᠤᠯᠴᠢᠯᠠᠬᠤ ᠳᠥᠭᠦᠮ ᠳᠥᠲᠡ ᠵᠠᠮ ᠬᠠᠩᠭᠠᠭᠰᠠᠨ ᠪᠠᠶᠢᠨ᠎ᠠ᠃ | ᠪᠡᠭᠡᠵᠢᠩ ᠤᠨ ᠵᠢᠭᠤᠯᠴᠢᠯᠠᠬᠰᠠᠳ ᠯᠢ ᠱᠢ ᠬᠤᠣ᠄ ︽ᠷᠠᠰᠢᠶᠠᠨ ᠤ ᠬᠠᠯᠠᠭᠤᠨ ᠷᠠᠰᠢᠶᠠᠨ ᠨᠢ ᠪᠦᠬᠦ ᠤᠯᠤᠰ ᠲᠤ | ᠨᠠᠷ᠎ᠡ ᠠᠯᠳᠠᠷᠲᠠᠢ᠂ ᠰᠢᠭᠤᠳ ᠬᠦᠷᠬᠦ ᠠᠶᠠᠯᠠᠯ ᠤᠨ ᠱᠤᠭᠤᠮ ᠬᠤᠶᠠᠷ ᠴᠠᠭ ᠬᠦᠷᠦᠮᠡᠭᠴᠡ ᠬᠦᠷᠴᠦ ᠢᠷᠡᠵᠣ᠂ | ᠭᠠᠳᠠᠭᠰᠢ ᠭᠠᠷᠬᠤ ᠳᠤ ᠨᠠᠩ ᠲᠦᠷᠭᠡᠨ ᠪᠥᠭᠡᠳ ᠳᠥᠭᠦᠮ ᠳᠥᠲᠡ ᠪᠣᠯᠵᠣ᠂ ᠷᠠᠰᠢᠶᠠᠨ ᠳᠤ ᠢᠷᠡᠵᠦ ᠵᠤᠭᠠᠴᠠᠨ | ᠨᠠᠭᠠᠳᠬᠤ ᠳᠤ ᠳᠥᠭᠦᠮ ᠦᠵᠡᠬᠦᠯᠵᠡᠢ︾ ᠭᠡᠵᠦ ᠪᠠᠶᠠᠷᠲᠠᠶᠢᠬᠠᠨ ᠬᠡᠯᠡᠪᠡ᠃ ᠠᠳᠠᠯᠢᠬᠠᠨ ᠢᠶᠠᠷ ᠪᠡᠭᠡᠵᠢᠩ ᠠᠴᠠ | ᠢᠷᠡᠭᠰᠡᠨ ᠵᠢᠭᠤᠯᠴᠢᠯᠠᠬᠴᠢᠳ ᠬᠤᠸᠠᠩ ᠢ ᠰᠢ᠄ ︽ᠪᠡᠭᠡᠵᠢᠩ ᠠᠴᠠ ᠢᠷᠡᠭᠰᠡᠨ ᠵᠢᠭᠤᠯᠴᠢᠯᠠᠬᠴᠢᠳ ᠤᠨ ᠨᠢᠰᠭᠡᠯ ᠤᠨ | ᠴᠠᠭ ᠮᠠᠰᠢ ᠲᠣᠬᠢᠷᠡᠮᠵᠢᠳᠡᠢ᠂ ᠨᠢᠰᠭᠡᠯ ᠠᠴᠠ ᠪᠠᠭᠤᠬᠰᠠᠨ ᠤ ᠳᠠᠷᠠᠭ᠎ᠠ ᠠᠮᠠᠷᠠᠵᠤ ᠲᠠᠶᠢᠯᠣᠨ᠎ᠠ᠃ ᠪᠢᠳᠡ ᠣᠢ | ᠰᠢᠭᠤᠶ ᠶᠢᠨ ᠴᠡᠴᠡᠷᠯᠢᠭ᠂ ᠬᠠᠯᠠᠭᠤᠨ ᠷᠠᠰᠢᠶᠠᠨ ᠢᠶᠠᠷ ᠣᠴᠢᠵᠤ᠂ ᠠᠭᠤᠯᠠ ᠤᠰᠤ᠂ ᠵᠡᠭᠦᠨ ᠬᠤᠶᠢᠲᠤ ᠶᠢᠨ ᠦᠨᠦᠷ | ᠠᠮᠲᠡᠳᠣ ᠢᠳᠡᠭᠡᠨ ᠢ ᠪᠡᠶᠡᠴᠢᠯᠡᠨ ᠣᠶᠢᠯᠠᠭᠠᠬᠤ ᠪᠠᠷ ᠪᠠᠶᠢᠨ᠎ᠠ︾ ᠬᠡᠵᠡᠢ᠃ ᠲᠣᠰ ᠤᠳᠠᠭᠠᠨ ᠤ ᠡᠭᠡᠯᠵᠢ ᠶᠢᠨ | ᠨᠢᠰᠬᠡᠯ ᠢ ᠨᠡᠶᠢᠰᠯᠡᠯ ᠤᠨ ᠠᠭᠠᠷ ᠤᠨ ᠠᠶᠠᠯᠠᠯ ᠤᠨ ᠺᠣᠮᠫᠠᠨᠢ ᠠᠴᠠ ᠵᠠᠬᠢᠷᠣᠨ ᠨᠢᠰᠭᠡᠵᠤ᠂ 2 ᠴᠠᠭ ᠨᠢᠰᠴᠦ᠂ | ᠵᠢᠭᠤᠯᠴᠢᠯᠠᠭᠴᠢᠳ ᠪᠡᠭᠡᠵᠢᠩ ᠠᠴᠠ ᠷᠠᠰᠢᠶᠠᠨ ᠳᠤ ᠰᠢᠭᠤᠳ ᠨᠢᠰᠴᠦ᠂ ᠭᠠᠷᠠᠭ ᠪᠦᠷᠢ 3 ᠡᠭᠡᠯᠵᠢ ᠪᠠᠷ ᠲᠥᠯᠥᠪᠯᠡᠵᠡᠢ | ᠃ | ︽ᠷᠠᠰᠢᠶᠠᠨ ᠤ ᠬᠤᠷᠴᠠ ᠤᠯᠠᠭᠠᠨ ᠴᠡᠴᠡᠭ ᠴᠦ ᠤᠳᠠᠯ ᠦᠭᠡᠢ ᠳᠡᠯᠭᠡᠷᠡᠬᠦ ᠭᠡᠵᠣ ᠪᠠᠶᠢᠨ᠎ᠠ᠂ ᠡᠭᠡᠯᠵᠢ ᠶᠢᠨ | ᠨᠢᠰᠬᠡᠯ ᠰᠢᠭᠤᠳ ᠨᠡᠪᠲᠡᠷᠡᠵᠦ ᠪᠠᠶᠢᠭ᠎ᠠ ᠪᠠᠶᠢᠳᠠᠯ ᠳᠣᠣᠷ᠎ᠠ᠂ ᠵᠢᠭᠤᠯᠴᠢᠯᠠᠯ ᠢ ᠬᠥᠭᠵᠢᠭᠦᠯᠬᠦ᠂ ᠠᠵᠤ ᠠᠬᠤᠢ ᠶᠢ | ᠬᠥᠭᠵᠢᠭᠦᠯᠬᠦ ᠳᠤ ᠠᠬᠢᠭᠤᠯᠬᠤ ᠦᠢᠯᠡᠳᠦᠯ ᠲᠠᠢ᠃ ᠨᠡᠶᠢᠰᠯᠡᠯ ᠤᠨ ᠠᠷᠠᠳ ᠲᠦᠮᠡᠨ ᠴᠤ ᠬᠠᠪᠤᠷ ᠤᠨ ᠠᠭᠤᠷ | ᠤᠷᠤᠭᠰᠠᠨ ᠤ ᠳᠠᠷᠠᠭ᠎ᠠ᠂ ᠷᠠᠰᠢᠶᠠᠨ ᠢᠶᠠᠷ ᠢᠷᠡᠵᠦ᠂ ᠠᠵᠤ ᠠᠬᠤᠢ ᠶᠢᠨ ᠬᠥᠭᠵᠢᠯᠲᠡ ᠴᠦ ᠨᠢᠭᠡᠨ ᠯᠤᠲᠤ ᠶᠡᠭᠡ | ᠠᠬᠢᠭᠤᠯᠤᠯ ᠪᠣᠯᠬᠤ ᠶᠣᠮ︾ ᠭᠡᠵᠦ ᠪᠡᠭᠡᠵᠢᠩ ᠤᠨ ᠷᠧᠨ ᠲᠦ᠋ ᠣᠯᠠᠨ ᠤᠯᠤᠰ ᠤᠨ ᠵᠢᠭᠤᠯᠴᠢᠯᠠᠯ ᠤᠨ ᠭᠠᠵᠠᠷ ᠤᠨ | ᠶᠡᠷᠦᠩᠬᠡᠶ ᠳᠠᠭᠠᠭᠠᠮᠠᠯ ᠵᠠᠩ ᠵᠦ ᠡᠨᠡ ᠤᠳᠠᠭᠠᠨ ᠤ ᠬᠤᠶᠠᠷ ᠭᠠᠵᠠᠷ ᠤᠨ ᠰᠢᠭᠤᠳ ᠠᠭᠠᠷ ᠤᠨ ᠠᠶᠠᠯᠠᠯ ᠤᠨ ᠲᠠᠯ᠎ᠠ ᠪᠠᠷ | ᠨᠡᠩ ᠣᠯᠠᠨ ᠪᠠᠷᠠᠯᠠᠯ ᠪᠠ ᠬᠦᠰᠡᠯ ᠡᠷᠡᠮᠡᠯᠵᠡᠯ ᠲᠠᠢ ᠪᠠᠶᠢᠨ᠎ᠠ᠃ ᠪᠡᠭᠡᠵᠢᠩ ᠠᠴᠠ ᠷᠠᠰᠢᠶᠠᠨ ᠬᠦᠷᠬᠦ ᠰᠢᠭᠤᠳ | ᠨᠢᠰᠬᠡᠯ ᠤᠨ ᠳᠠᠬᠢᠨ ᠰᠠᠷᠭᠦᠭᠡᠬᠦ ᠶᠢ ᠳᠠᠭᠠᠯᠳᠤᠨ᠂ ᠬᠤᠶᠠᠷ ᠴᠠᠭ ᠤᠨ ᠳᠣᠲᠣᠷ᠎ᠠ ᠨᠡᠶᠢᠰᠯᠡᠯ ᠪᠡᠭᠡᠵᠢᠩ ᠠᠴᠠ ᠶᠡᠭᠡ | ᠬᠢᠩᠭᠠᠨ ᠳᠠᠪᠠᠭ᠎ᠠ ᠳᠤ ᠬᠦᠷᠬᠦ ᠶᠢ ᠪᠡᠶᠡᠯᠡᠭᠦᠯᠵᠦ᠂ ᠪᠡᠭᠡᠵᠢᠩ ᠲᠢᠶᠠᠨᠵᠢᠨ ᠾᠧᠪᠸᠢ ᠶᠢᠨ ᠵᠢᠭᠤᠯᠴᠢᠯᠠᠭᠴᠢᠳ ᠤᠨ ᠵᠠᠬ᠎ᠠ | ᠳᠡᠯᠭᠡᠭᠦᠷ ᠲᠤ ᠳᠥᠭᠦᠮ ᠳᠥᠲᠡ ᠵᠠᠮ ᠬᠠᠷᠢᠯᠴᠠᠭᠠᠨ ᠤ ᠰᠣᠩᠭᠤᠯᠲᠠ ᠬᠠᠩᠭᠠᠵᠤ᠂ ᠣᠷᠣᠨ ᠪᠦᠰᠡ ᠶᠢᠨ ᠵᠠᠮ | ᠬᠠᠷᠢᠯᠴᠠᠭᠠᠨ ᠤ ᠳᠥᠭᠦᠮ ᠳᠥᠲᠡ ᠴᠢᠨᠠᠷ ᠢ ᠢᠯᠡᠳᠲᠡ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠬᠤᠶᠠᠷ | ᠭᠠᠵᠠᠷ ᠤᠨ ᠵᠢᠭᠤᠯᠴᠢᠯᠠᠯ ᠤᠨ ᠬᠥᠭᠵᠢᠯᠲᠡ ᠶᠢᠨ ᠨᠠᠩ ᠣᠯᠠᠨ ᠬᠠᠮᠲᠤᠷᠠᠯᠴᠠᠭᠠᠨ ᠤ ᠠᠵᠠ ᠲᠣᠬᠢᠶᠠᠯ ᠢ ᠪᠣᠶ ᠪᠣᠯᠭᠠᠵᠤ | ᠂ ᠲᠤᠬᠠᠶ ᠶᠢᠨ ᠭᠠᠵᠠᠷ ᠤᠨ ᠪᠠᠭᠤᠳᠠᠯ᠂ ᠢᠳᠡᠭᠡᠨ ᠤᠮᠳᠠᠭᠠᠨ᠂ ᠵᠠᠮ ᠬᠠᠷᠢᠯᠴᠠᠭ᠎ᠠ ᠵᠡᠷᠭᠡ ᠬᠠᠮᠢᠶ᠎ᠠ ᠪᠥᠬᠦᠶ ᠠᠵᠢᠯ | ᠲᠥᠷᠥᠯ ᠤᠨ ᠥᠷᠨᠢᠩᠭᠦᠶ ᠬᠥᠭᠵᠢᠯᠲᠡ ᠶᠢ ᠳᠠᠶᠢᠴᠢᠯᠠᠵᠤ᠂ ᠲᠤᠬᠠᠶ ᠶᠢᠨ ᠭᠠᠵᠠᠷ ᠤᠨ ᠵᠢᠭᠤᠯᠴᠢᠯᠠᠯ ᠤᠨ ᠠᠵᠤ | ᠠᠬᠤᠶ ᠶᠢ ᠬᠦᠴᠦᠲᠡᠶ ᠳᠠᠶᠢᠴᠢᠯᠠᠬᠤ ᠪᠣᠯᠤᠨ᠎ᠠ᠃ ᠷᠠᠰᠢᠶᠠᠨ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶᠠᠨ ᠤ ᠳᠠᠷᠤᠭ᠎ᠠ ᠰᠢᠤᠢ ᠵᠢᠩ᠂ ᠷᠠᠰᠢᠶᠠᠨ ᠤ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠲᠤ ᠲᠦᠰᠢᠭᠯᠡᠨ᠂ ᠨᠢᠰᠬᠡᠯ ᠤᠨ ᠪᠠᠭᠤᠳᠠᠯ᠂ ᠠᠭᠠᠷ ᠤᠨ ᠠᠶᠠᠯᠠᠯ ᠤᠨ ᠺᠣᠮᠫᠠᠨᠢ᠂ ᠵᠢᠭᠤᠯᠴᠢᠯᠠᠯ ᠤᠨ ᠬᠤᠷᠢᠶ᠎ᠠ | ᠵᠡᠷᠭᠡ ᠣᠯᠠᠨ ᠲᠠᠯ᠎ᠠ ᠶᠢᠨ ᠬᠠᠮᠲᠤᠷᠠᠯᠴᠠᠭᠠᠨ ᠤ ᠳᠠᠯᠳᠠ ᠬᠦᠴᠦᠨ ᠢ ᠲᠠᠰᠤᠷᠠᠯᠲᠠ ᠥᠬᠡᠶ ᠠᠭᠤᠳᠠᠯᠵᠤ᠂ ︽ | ᠠᠭᠠᠷ ᠤᠨ ᠠᠶᠠᠯᠠᠯ ᠤᠨ ᠵᠢᠭᠤᠯᠴᠢᠯᠠᠯ ᠤᠨ ᠠᠵᠤ ᠦᠢᠯᠡᠰ︾ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ︽ | ᠠᠭᠠᠷ ᠤᠨ ᠠᠶᠠᠯᠠᠯ ᠤᠨ ᠵᠢᠭᠤᠯᠴᠢᠯᠠᠯ ᠤᠨ ᠰᠣᠳᠣᠨ ᠵᠠᠮ ᠱᠤᠭᠤᠮ︾ ᠤᠨ ᠨᠠᠷᠠᠲᠤ ᠲᠡᠮᠳᠡᠭᠲᠦ ᠶᠢ | ᠬᠦᠴᠦᠷᠬᠡᠭᠵᠢᠭᠦᠯᠦᠨ᠂ ᠨᠠᠩ ᠣᠯᠠᠨ ᠵᠣᠴᠢᠳ ᠢ ᠲᠠᠲᠠᠵᠤ᠂ ᠣᠯᠠᠨ ᠶᠠᠩᠵᠤ ᠶᠢᠨ ᠵᠠᠬ᠎ᠠ ᠳᠡᠯᠭᠡᠭᠦᠷ ᠤᠨ | ᠬᠡᠷᠡᠭᠴᠡᠭᠡ ᠶᠢ ᠬᠠᠩᠭᠠᠵᠤ᠂ ᠷᠠᠰᠢᠶᠠᠨ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ | ᠲᠠᠰᠤᠷᠠᠯᠲᠠ ᠥᠬᠡᠶ ᠬᠥᠭᠵᠢᠯᠲᠡ ᠶᠢᠨ ᠠᠮᠢᠵᠢᠷᠠᠯ ᠤᠨ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠵᠡᠢ᠃ | ᠤᠮᠠᠷᠠᠲᠤ ᠣᠷᠣᠨ ᠬᠢᠭᠡᠳ ᠥᠪᠥᠷ ᠮᠣᠩᠭᠤᠯ ᠯᠤᠭ᠎ᠠ ᠬᠤᠯᠪᠣᠭᠰᠠᠨ ᠴᠢᠬᠤᠯᠠ ᠠᠶᠠᠯᠠᠯ ᠤᠨ ᠱᠤᠭᠤᠮ | ᠪᠣᠯᠤᠭᠰᠠᠨ ᠤ ᠬᠤᠪᠢ ᠳᠤ᠂ ᠰᠢᠭᠤᠳ ᠨᠡᠪᠲᠡᠷᠡᠬᠦ ᠠᠶᠠᠯᠠᠯ ᠤᠨ ᠱᠤᠭᠤᠮ ᠢ ᠰᠡᠷᠭᠦᠭᠡᠨ ᠡᠵᠡᠩᠨᠡᠬᠦ ᠨᠢ ᠣᠷᠣᠨ | ᠪᠦᠰᠡ ᠶᠢᠨ ᠵᠢᠭᠤᠯᠴᠢᠯᠠᠯ ᠤᠨ ᠠᠵᠤ ᠠᠬᠤᠶ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠷᠠᠰᠢᠶᠠᠨ ᠢ ᠪᠡᠭᠡᠵᠢᠩ | ᠲᠢᠶᠠᠨᠵᠢᠨ ᠾᠧᠪᠧᠢ ᠶᠢᠨ ᠵᠢᠭᠤᠯᠴᠢᠯᠠᠭᠴᠢᠳ ᠤᠨ ᠣᠶᠢᠷ᠎ᠠ ᠵᠠᠮ ᠤᠨ ᠠᠮᠠᠷᠠᠯᠲᠠ ᠶᠢᠨ ᠭᠠᠵᠠᠷ ᠪᠣᠯᠭᠠᠬᠤ ᠳᠤ ᠬᠦᠴᠦᠨ | ᠨᠡᠮᠡᠷᠢᠯᠡᠨ᠎ᠠ᠃ ︽ᠥᠨᠥᠳᠦᠷ ᠪᠡᠭᠡᠵᠢᠩ ᠤᠨ ᠳ᠋ᠠᠰᠢᠩ ᠠᠴᠠ ᠷᠠᠰᠢᠶᠠᠨ ᠳᠤ ᠬᠦᠷᠬᠦ ᠠᠭᠠᠷ ᠤᠨ ᠠᠶᠠᠯᠠᠯ ᠤᠨ | ᠱᠤᠭᠤᠮ ᠢᠶᠠᠨ ᠵᠢᠩᠬᠢᠨᠢ ᠪᠠᠷ ᠰᠡᠷᠭᠦᠭᠡᠵᠦ᠂ ᠵᠢᠭᠤᠯᠴᠢᠯᠠᠭᠴᠢᠳ ᠤᠨ ᠶᠠᠪᠤᠵᠤ ᠰᠠᠭᠤᠬᠤ ᠳᠤ ᠨᠠᠩ ᠳᠥᠭᠦᠮ | ᠣᠶᠢᠯᠡᠴᠢᠯᠡᠭᠡ ᠬᠠᠩᠭᠠᠵᠤ᠂ ᠵᠠᠯᠭᠠᠭᠠᠳ ᠪᠢᠳᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︿ | ᠰᠢᠭᠤᠳ ᠨᠡᠪᠳᠡᠷᠡᠬᠦ﹀ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠭᠠᠷ ᠤᠨ ᠠᠶᠠᠯᠠᠯ ᠤᠨ ᠶᠠᠮᠣᠨ | ᠲᠠᠢ ᠤᠯᠠᠮ ᠨᠢᠭᠡ ᠠᠯᠬᠤᠮ ᠨᠡᠪᠲᠡᠷᠡᠯᠴᠡᠵᠦ᠂ ᠬᠠᠩᠵᠧᠦ - ᠤᠯᠠᠭᠠᠨᠬᠤᠲᠠ - ᠷᠠᠰᠢᠶᠠᠨ ᠤ ᠠᠭᠠᠷ ᠤᠨ ᠠᠶᠠᠯᠠᠯ ᠤᠨ | ᠱᠤᠭᠤᠮ ᠢ ᠢᠳᠡᠪᠬᠢᠲᠡᠶ ᠨᠡᠪᠲᠡᠷᠡᠭᠦᠯᠵᠦ᠂ ᠷᠠᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠰᠡᠷᠭᠦᠯᠲᠡ ᠳᠤ ᠦᠷᠭᠦᠯᠵᠢᠯᠡᠨ ᠨᠢᠰᠬᠡᠯ ᠤᠨ ᠪᠠᠭᠤᠳᠠᠯ ᠤᠨ ᠬᠤᠪᠢ ᠨᠡᠮᠡᠷᠢ ᠦᠵᠡᠭᠦᠯᠣᠨ᠎ᠠ︾ ᠭᠡᠵᠤ ᠷᠡᠰᠢᠶᠠᠨ ᠤ | ᠨᠢᠰᠭᠡᠯ ᠤᠨ ᠪᠠᠭᠤᠳᠠᠯ ᠤᠨ ᠪᠠᠢᠩᠭᠤ ᠶᠢᠨ ᠳᠡᠳ᠋ ᠶᠡᠷᠦᠩᠬᠡᠢ ᠵᠠᠬᠢᠷᠤᠯ ᠶᠠᠩ ᠬᠠᠢ ᠲᠤᠤ ᠢᠯᠡᠷᠬᠡᠢᠯᠡᠪᠡ᠃ |