4 ᠰᠠᠷ᠎ᠠ ᠶᠢᠨ 1 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠦ ᠤᠷᠢᠳ ᠬᠤᠵᠢᠳ ᠤᠶᠤᠨᠴᠢ ᠭᠠᠯ ᠰᠡᠷᠭᠡᠶᠢᠯᠡᠨ ᠣᠨᠳᠡᠷᠡᠭᠠᠬᠤ ᠠᠵᠢᠯ ᠤᠨ ᠵᠢᠯᠣᠭᠤᠳᠬᠤ ᠲᠥᠪ | ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠬᠥᠮᠥᠷᠭᠡ᠂ ᠬᠤᠭ ᠨᠣᠪᠰᠢ ᠶᠢ ᠭᠠᠵᠡᠷ ᠲᠤ ᠪᠤᠯᠠᠬᠤ | ᠲᠠᠯᠠᠪᠠᠢ ᠵᠡᠷᠭᠡ ᠭᠠᠵᠠᠷ ᠢᠶᠠᠷ ᠬᠦᠷᠴᠦ ᠤᠢ ᠰᠢᠭᠤᠢ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ | ᠤᠨᠲᠠᠷᠠᠭᠠᠬᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠵᠠᠩ ᠨᠠ᠂ ᠯᠢ ᠫᠧᠩ᠂ ᠸᠠᠩ | ᠬᠠᠶ ᠵᠢᠶᠦ᠋ᠨ ᠵᠢᠴᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠡᠷᠬᠢᠮᠳᠣ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠠᠷᠠᠳ ᠤᠯᠠᠨ ᠤ ᠲᠤᠰ | ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠨ᠎ᠠ᠃ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠵᠤ᠂ ᠨᠢᠭᠡ | ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠮᠤᠷ | ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ | ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠤᠷᠢᠳᠴᠢᠯᠠᠨ ᠰᠡᠷᠡᠮᠵᠢᠯᠡᠭᠦᠯᠬᠦ ᠶᠢ ᠤᠷᠢᠳᠠᠪᠠᠷ | ᠬᠢᠵᠦ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠡᠷᠡᠰ ᠪᠠᠲᠤᠯᠠᠬᠤ ᠬᠡᠷᠡᠭᠲᠡᠢ᠃ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠣᠳᠣᠬᠠᠨ ᠤ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ | ᠡᠭᠦᠷᠭᠡ ᠪᠣᠯᠭᠠᠨ ᠠᠳᠬᠤᠵᠤ᠂ ᠠᠶᠤᠯ ᠶᠡᠬᠡᠲᠡᠢ ᠣᠷᠣᠨ ᠪᠦᠰᠡ᠂ ᠭᠤᠣᠯᠳᠠᠯᠭ᠎ᠠ ᠲᠠᠢ ᠬᠥᠮᠦᠰ ᠪᠣᠯᠤᠨ | ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠭᠠᠯ ᠤᠨ ᠡᠬᠢ ᠰᠤᠷᠪᠤᠯᠵᠢ ᠠᠭᠤᠯᠠᠨ ᠳᠤ ᠣᠷᠣᠬᠤ ᠶᠢ ᠴᠢᠩᠭ᠎ᠠ | ᠬᠢᠵᠠᠭᠠᠷᠯᠠᠵᠤ᠂ ︽ᠠᠵᠢᠯ ᠤᠨ ᠪᠠᠶᠢᠷᠢ ᠪᠠᠨ ᠪᠠᠳᠣ ᠰᠠᠬᠢᠵᠣ᠂ ᠡᠬᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ︾ ᠶᠢ | ᠦᠨᠡᠨ ᠬᠦ ᠪᠡᠶᠡᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠬᠡᠷᠡᠮ ᠢ ᠪᠦᠬᠦ | ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ᠃ ᠪᠣᠬᠢᠷ ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ ᠠᠷᠢᠯᠭᠠᠬᠤ | ᠵᠡᠷᠭᠡ ᠵᠠᠩᠭᠢᠯᠠᠭ᠎ᠠ ᠶᠢᠨ ᠬᠦᠷᠢᠶ᠎ᠡ᠂ ᠵᠠᠩᠭᠢᠯᠠᠭ᠎ᠠ ᠶᠢᠨ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ | ᠣᠷᠴᠢᠨ ᠲᠣᠭᠤᠷᠢᠨ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ | ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ | ᠬᠦᠴᠦᠯᠡᠨ ᠰᠠᠶᠢᠲᠤᠷ ᠰᠢᠢᠳᠪᠦᠷᠢᠯᠡᠵᠦ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠤᠯᠠᠨ ᠤ | ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ | ᠬᠡᠷᠡᠭᠲᠡᠢ ᠭᠡᠵᠣ ᠢᠯᠡᠳᠭᠡᠪᠡ᠃ | ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ ᠪᠠᠰᠠ ᠭᠤᠤᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠲᠦᠷᠢᠮ᠂ ᠣᠶ ᠰᠢᠭᠤᠶ ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ ᠵᠢᠴᠢ ︽ ᠬᠠᠪᠣᠷ ᠤᠨ | ᠬᠠᠯᠬᠢᠶ᠎ᠠ ᠶᠢᠨ ᠦᠶᠠᠷ︾ ᠢ ᠰᠡᠷᠭᠡᠶᠢᠯᠡᠬᠦ ᠠᠵᠢᠯ ᠤᠨ ᠲᠣᠭᠤᠷᠢᠨ ᠳᠤ ᠲᠤᠰᠬᠠᠶ ᠪᠠᠶᠢᠴᠠᠭᠠᠯᠲᠠ ᠪᠠᠶᠢᠷᠢᠯᠠᠭᠤᠯᠤᠯᠲᠠ | ᠬᠢᠪᠠ᠃ |