ᠶᠠᠩ ᠶᠦᠩ ᠵᠢᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/4/23
    4 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠳᠤ ᠠᠵᠢᠯ ᠤᠨ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠲᠥᠯᠥᠪᠵᠢᠭᠦᠯᠦᠨ ᠪᠣᠳᠠᠲᠠᠢ ᠠᠳᠬᠤᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠲᠠᠢ ᠭᠦᠨᠵᠡᠭᠡᠢ ᠠᠭᠤᠰᠤᠯᠴᠠᠭᠤᠯᠣᠨ᠂ ᠵᠠᠬ᠎ᠠ ᠳᠡᠯᠭᠡᠭᠦᠷ ᠤᠨ ᠪᠣᠳᠠᠲᠠᠢ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠭᠤᠣᠯᠳᠠᠯᠭ᠎ᠠ ᠲᠠᠢ ᠦᠢᠯᠡᠴᠢᠯᠡᠭᠡᠨ ᠤ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ ᠠᠵᠢᠯ ᠣᠯᠭᠤᠯᠲᠠ ᠶᠢᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠬᠤ ᠶᠢ ᠠᠬᠢᠭᠤᠯᠵᠤ᠂  ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠳᠤ ᠠᠵᠤ ᠠᠬᠤᠶᠢᠯᠠᠯ ᠤᠨ ︽ᠠᠵᠢᠯᠴᠢᠨ ᠬᠡᠷᠡᠭᠯᠡᠬᠦ ᠳᠤ ᠬᠦᠴᠢᠷᠳᠡᠢ︾ ᠪᠠᠶᠢᠬᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭᠠᠨ ᠤ ︽ᠨᠠᠶᠢᠵᠠ ᠶᠢᠨ ᠲᠣᠭᠤᠷᠢᠭ︾ ᠢ ᠰᠠᠨᠠᠭᠠᠴᠢᠯᠠᠭ᠎ᠠ ᠠᠴᠠ ᠪᠠᠨ ᠥᠷᠭᠡᠳᠬᠡᠵᠦ᠂ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠠᠷᠠᠯᠵᠢᠶᠠᠴᠢᠨ ᠤᠷᠢᠬᠤ ᠲᠦᠷᠦᠯ ᠵᠦᠢᠯ ᠢ ᠤᠨᠢᠨ ᠳᠡᠭᠡᠷ᠎ᠡ ᠨᠢ ᠲᠥᠯᠥᠪᠵᠢᠭᠦᠯᠵᠦ᠂ ᠭᠠᠵᠠᠷ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠥᠯᠥᠪᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠠᠯ ᠢ ᠦᠷᠭᠦᠯᠵᠢᠯᠡᠨ ᠰᠢᠯᠢᠳᠡᠭᠵᠢᠭᠦᠯᠵᠦ᠂ ᠨᠢᠭᠡ ᠪᠦᠯᠦᠭ ᠲᠠᠲᠠᠬᠤ ᠬᠦᠴᠦᠨ ᠢᠶᠠᠷ ᠴᠢᠩᠭ᠎ᠠ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠷᠠᠰᠢᠶᠠᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠬᠤᠳᠠ ᠶᠢᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠡᠪᠡ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号