【  ᠦᠰᠦᠭ ᠪᠢᠴᠢᠭ ᠢᠶᠠᠷ ᠦᠬᠦᠯᠡᠬᠦᠢ】  ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ ᠬᠢᠭᠡᠳ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠨ ᠬᠡᠷᠡᠭᠵᠢᠭᠦᠯᠬᠦ ᠲᠤᠬᠠᠶ ᠮᠠᠳᠡᠭᠳᠡᠯ
ᠨᠡᠶᠢᠲᠡᠯᠡᠭᠰᠡᠨ ᠴᠠᠭ᠄
2025/4/23
   ᠡᠯ᠎ᠡ ᠪᠠᠯᠭᠠᠰᠤ ᠵᠡᠭᠡᠯᠢ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄    ᠭᠠᠵᠠᠷ ᠰᠢᠷᠣᠢ ᠶᠢᠨ ᠨᠢᠭᠡᠳᠦᠭᠡᠷ ᠳᠡᠰ ᠤᠨ ᠵᠠᠬ᠎ᠠ ᠳᠡᠯᠭᠡᠭᠦᠷ ᠢ ᠪᠦᠲᠦᠮᠵᠢᠲᠡᠢ ᠲᠣᠬᠢᠷᠠᠭᠤᠯᠵᠤ᠂ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠵᠢᠯᠤᠭᠤᠳᠴᠤ᠂ ᠭᠠᠵᠠᠷ ᠰᠢᠷᠣᠢ ᠶᠢᠨ ᠦᠨ᠎ᠡ ᠬᠠᠩᠰᠢ ᠶᠢᠨ ᠴᠢᠬᠤᠯᠠ ᠲᠣᠬᠢᠷᠠᠭᠤᠯᠤᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ ᠬᠤᠲᠠ ᠶᠢᠨ ᠭᠠᠵᠠᠷ ᠰᠢᠷᠣᠢ ᠶᠢᠨ ᠦᠨ᠎ᠡ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠮᠠᠨ ᠤ ᠬᠤᠲᠠ ︽ᠬᠤᠲᠠ ᠪᠠᠯᠭᠠᠰᠤᠨ ᠤ ᠭᠠᠵᠠᠷ ᠰᠢᠷᠣᠢ ᠶᠢ ᠲᠠᠰ ᠬᠤᠪᠢᠶᠠᠬᠤ ᠳᠦᠷᠢᠮ︾᠂ ︽ᠬᠤᠲᠠ ᠪᠠᠯᠭᠠᠰᠤᠨ ᠤ ᠭᠠᠵᠠᠷ ᠰᠢᠷᠣᠢ ᠶᠢᠨ ᠦᠨ᠎ᠡ ᠶᠢ ᠦᠨᠡᠯᠡᠬᠦ ᠳᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠬᠠᠤᠯᠢ ᠳᠤ ᠲᠣᠭᠲᠠᠭᠠᠭᠰᠠᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠭᠠᠵᠠᠷ ᠰᠢᠷᠣᠢ ᠶᠢᠨ ᠲᠠᠰ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠦᠨᠡᠯᠡᠨ ᠵᠢᠱᠢᠭᠰᠡᠨ ᠦᠷ᠎ᠡ ᠪᠦᠲᠦᠭᠡᠯ ᠨᠢ ᠨᠢᠭᠡᠨᠲᠡ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠢᠴᠢ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠦᠪᠰᠢᠶᠡᠷᠡᠯ ᠢ ᠤᠯᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠃    ᠨᠢᠭᠡ᠂ ᠲᠣᠰ ᠤᠳᠠᠭᠠᠨ ᠤ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠬᠡᠷᠡᠭᠯᠡᠬᠦ ᠬᠡᠪᠴᠢᠶ᠎ᠡ ᠨᠢ ᠷᠠᠰᠢᠶᠠᠨ ᠬᠤᠲᠠ ᠶᠢᠨ ᠪᠦᠬᠦ ᠬᠠᠷᠢᠶ᠎ᠠ ᠣᠷᠣᠨ ᠪᠠᠭᠳᠡᠨ᠎ᠠ᠃    ᠬᠤᠶᠠᠷ᠂ ᠲᠣᠰ ᠤᠳᠠᠭᠠᠨ ᠤ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠨᠢ 2024 ᠣᠨ ᠤ 1 ᠰᠠᠷ᠎ᠠ ᠶᠢᠨ 1 ᠤ ᠡᠳᠦᠷ ᠢᠶᠠᠷ ᠦᠨᠡᠯᠡᠬᠦ ᠡᠳᠦᠷ ᠪᠣᠯᠭᠠᠵᠤ᠂ ᠬᠤᠳᠠᠯᠳᠤᠭᠠᠨ ᠤ ᠦᠢᠯᠡᠴᠢᠯᠡᠭᠡ᠂ ᠣᠷᠣᠨ ᠰᠠᠭᠤᠴᠠ᠂ ᠠᠵᠤ ᠦᠢᠯᠡᠳᠪᠦᠷᠢ᠂ ᠨᠡᠶᠢᠲᠡ ᠶᠢᠨ ᠬᠡᠷᠡᠭᠯᠡᠭᠡᠨ ᠤ ᠲᠦᠭᠦᠭᠡᠷᠤᠮᠵᠢ ᠶᠢᠨ ᠬᠡᠷᠡᠭᠯᠡᠬᠦ ᠭᠠᠵᠠᠷ᠂ ᠣᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠣᠯᠠᠨ ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠭᠠᠵᠠᠷ ᠵᠡᠷᠭᠡ ᠳᠥᠷᠪᠡᠨ ᠲᠥᠷᠥᠯ ᠤᠨ ᠬᠡᠷᠡᠭᠴᠡᠭᠡ ᠪᠠᠷ ᠲᠡᠭᠦᠨ ᠤ ᠬᠠᠤᠯᠢ ᠪᠠᠷ ᠲᠣᠭᠲᠠᠭᠠᠭᠰᠠᠨ ᠬᠠᠮᠤᠭ ᠤᠨ ᠥᠨᠳᠥᠷ ᠬᠡᠷᠡᠭᠯᠡᠬᠦ ᠬᠤᠭᠤᠴᠠᠭ᠎ᠠ ᠶᠢ ᠦᠨᠳᠦᠰᠦᠯᠡᠨ᠂ ᠨᠡᠭᠡᠭᠡᠨ ᠠᠰᠢᠭᠯᠠᠬᠤ ᠨᠥᠬᠦᠴᠡᠯ ᠳᠣᠤᠷᠠᠬᠢ ᠳᠤᠮᠳᠠᠴᠢ ᠭᠠᠵᠠᠷ ᠰᠢᠷᠣᠶ ᠶᠢᠨ ᠡᠷᠬᠡ ᠶᠢᠨ ᠦᠨ᠎ᠡ ᠶᠢ ᠲᠣᠭᠲᠠᠭᠠᠨ᠎ᠠ᠃    ᠲᠣᠰ ᠤᠳᠠᠭᠠᠨ ᠤ ᠲᠣᠬᠢᠷᠠᠭᠤᠯᠤᠯᠲᠠ ᠬᠢᠵᠦ ᠰᠢᠨᠡᠳᠬᠡᠭᠰᠡᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ ᠲᠣᠭᠲᠠᠭᠠᠬᠤ ᠪᠠ ᠪᠠᠷᠢᠮᠵᠢᠶᠠᠲᠤ ᠭᠠᠵᠠᠷ ᠤᠨ ᠦᠨ᠎ᠡ ᠶᠢᠨ ᠦᠷ᠎ᠡ ᠪᠦᠲᠦᠭᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠤᠨ᠎ᠡ᠂ ᠤᠤᠯ ᠤᠨ 2018 ᠣᠨ ᠤ 8 ᠰᠠᠷ᠎ᠠ ᠶᠢᠨ 10 ᠤ ᠡᠳᠦᠷ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠷᠠᠰᠢᠶᠠᠨ ᠬᠤᠲᠠ ᠶᠢᠨ ᠬᠤᠲᠠ ᠪᠠᠯᠭᠠᠰᠤᠨ ᠤ ᠭᠠᠵᠠᠷ ᠰᠢᠷᠣᠶ ᠶᠢᠨ ᠳᠡᠰ ᠲᠣᠭᠲᠠᠭᠠᠬᠤ ᠪᠠ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠨ ᠬᠡᠷᠡᠭᠵᠢᠭᠦᠯᠬᠦ ᠲᠤᠬᠠᠶ ᠮᠡᠳᠡᠭᠳᠡᠯ︾ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃                           2025 ᠣᠨ ᠤ 3 ᠰᠠᠷ᠎ᠠ ᠶᠢᠨ 25 ᠤ ᠡᠳᠦᠷ                                                  
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号